ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠤᠨ | ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠢᠳᠡᠭᠡᠨ ᠤᠮᠳᠠᠭᠠᠨ ᠤ ᠵᠠᠷᠤᠳᠠᠯ ᠤᠨ | ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ ᠮᠠᠨ ᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠾᠧ ᠰᠢᠶᠤᠤ ᠬᠤᠩ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠤᠨ ᠪᠠᠷ᠎ᠠ ᠪᠣᠯᠤᠯ ᠳᠣᠤᠷ᠎ᠠ᠂ ᠡᠯ᠎ᠡ ᠳᠤᠮᠳᠠᠳᠤ ᠪᠠᠭ᠎ᠠ | ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠪᠠ | ᠢᠳᠡᠭᠡᠨ ᠤᠮᠳᠠᠭᠠᠨ ᠤ ᠵᠠᠷᠤᠳᠠᠯ ᠤᠨ ᠬᠠᠮᠢᠶᠠᠷᠤᠯᠲᠠ ᠶᠢᠨ ᠠᠵᠢᠯ ᠤᠨ ᠲᠤᠬᠠᠶ ᠪᠥᠬᠦ ᠲᠠᠯ᠎ᠠ ᠪᠠᠷ ᠬᠢᠨᠠᠨ ᠵᠢᠯᠣᠭᠤᠳᠴᠤ | ᠪᠠᠶᠢᠴᠠᠭᠠᠪᠠ᠃ | | ᠬᠦᠷᠦᠭᠰᠡᠨ ᠭᠠᠵᠠᠷ ᠪᠣᠯᠭᠠᠨ ᠳᠤ᠂ ᠪᠠᠶᠢᠴᠠᠭᠠᠬᠤ ᠳᠤᠭᠤᠶᠢᠯᠠᠩ ᠰᠤᠷᠭᠠᠭᠤᠯᠢ ᠶᠢᠨ ᠬᠦᠷᠢᠶᠡᠨ ᠤ ᠢᠳᠡᠭᠡᠨ ᠤ | ᠮᠠᠲ᠋ᠧᠷᠢᠶᠠᠯ ᠢ ᠬᠤᠳᠠᠯᠳᠤᠨ ᠠᠪᠬᠤ᠂ ᠬᠥᠮᠥᠷᠭᠡ ᠪᠠᠷ ᠣᠷᠣᠵᠤ ᠭᠠᠷᠬᠤ ᠶᠠᠪᠤᠴᠠ ᠶᠢᠨ ᠬᠠᠮᠢᠶᠠᠷᠤᠯᠲᠠ᠂ ᠬᠤᠭᠤᠯᠠᠨ ᠬᠡᠷ ᠤᠨ | ᠬᠠᠮᠢᠶ᠎ᠠ ᠪᠥᠬᠦᠶ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠪᠠᠳᠠᠷᠠᠭᠤᠯᠤᠭᠰᠠᠨ ᠪᠠᠶᠢᠳᠠᠯ᠂ ᠬᠤᠭᠤᠯᠠᠨ ᠬᠡᠷ ᠤᠨ ᠡᠳᠦᠷ | ᠲᠤᠲᠤᠮ ᠤᠨ ᠵᠢᠷᠤᠮᠵᠢᠭᠰᠠᠨ ᠡᠵᠡᠩᠨᠡᠯᠲᠡ ᠵᠡᠷᠭᠡ ᠲᠠᠯ᠎ᠠ ᠶᠢᠨ ᠲᠣᠭᠤᠷᠢᠨ ᠳᠤ᠂ ᠰᠤᠷᠭᠠᠭᠤᠯᠢ ᠶᠢᠨ ᠬᠤᠭᠤᠯᠠᠨ ᠬᠡᠷ ᠤᠨ ᠡᠯ᠎ᠡ | ᠴᠢᠳᠠᠮᠵᠢ ᠶᠢᠨ ᠬᠤᠭᠤᠷᠣᠨᠳᠣᠬᠢ ᠵᠢᠷᠤᠮᠵᠢᠭᠰᠠᠨ ᠪᠠᠶᠢᠭᠤᠯᠤᠯᠲᠠ᠂ ᠲᠦᠷᠢᠮ ᠲᠣᠭᠲᠠᠭᠠᠯ ᠪᠦᠷᠢᠨ ᠲᠡᠭᠦᠯᠳᠡᠷ ᠡᠰᠡᠬᠦ᠂ | ᠠᠵᠢᠯᠯᠠᠵᠤ ᠪᠠᠶᠢᠭ᠎ᠠ ᠬᠥᠮᠦᠰ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ ᠵᠢᠴᠢ | ᠬᠤᠳᠠᠯᠳᠤᠨ ᠠᠪᠬᠤ ᠶᠠᠪᠤᠴᠠ᠂ ᠠᠷᠢᠭᠤᠳᠬᠠᠨ ᠴᠡᠪᠡᠷᠯᠡᠬᠦ᠂ ᠢᠳᠡᠭᠡᠨ ᠤ ᠶᠠᠩᠵᠤ ᠦᠯᠡᠳᠡᠭᠡᠬᠦ᠂ ᠬᠡᠮᠵᠢᠶ᠎ᠡ ᠲᠠᠢ ᠢᠳᠡᠭᠡᠨ ᠤ | ᠴᠠᠳᠢᠭ ᠢ ᠲᠣᠭᠲᠠᠭᠠᠬᠤ᠂ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠬᠢᠨᠠᠨ | ᠪᠠᠶᠢᠴᠠᠭᠠᠪᠠ᠃ | ᠾᠧ ᠰᠢᠶᠤᠤ ᠬᠤᠩ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ | ᠰᠤᠷᠭᠠᠭᠤᠯᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠡᠯ᠎ᠡ ᠠᠵᠢᠯ ᠤᠨ ᠪᠠᠶᠢᠷᠢ ᠶᠢᠨ ᠠᠮᠤᠷ ᠲᠦᠪᠰᠢᠨ ᠤ | ᠬᠠᠷᠢᠭᠤᠴᠠᠯᠭ᠎ᠠ ᠶᠢ ᠴᠢᠨᠠᠭᠰᠢᠳᠠ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ | ᠪᠠᠬᠢᠵᠢᠭᠦᠯᠬᠦ ᠬᠡᠷᠡᠭᠲᠡᠢ᠃ ᠬᠤᠶᠠᠷ ᠲᠤ᠂ ᠰᠤᠷᠭᠠᠭᠤᠯᠢ ᠶᠢᠨ ᠬᠤᠭᠤᠯᠠᠨ ᠭᠡᠷ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠪᠠ ᠠᠰᠢᠭ ᠣᠯᠵᠠᠪᠤᠷᠢ ᠶᠢᠨ ᠪᠤᠰᠤ ᠴᠢᠨᠠᠷᠲᠠᠢ ᠵᠠᠷᠴᠢᠮ ᠢ ᠪᠠᠷᠢᠮᠲᠠᠯᠠᠵᠤ᠂ ᠬᠤᠭᠤᠯᠠᠨ ᠭᠡᠷ ᠤᠨ ᠡᠳ᠋ ᠤᠨ ᠶᠠᠪᠤᠳᠠᠯ ᠤᠨ | ᠣᠷᠣᠯᠭ᠎ᠠ ᠶᠢᠨ ᠵᠠᠷᠤᠯᠭ᠎ᠠ ᠶᠢᠨ ᠬᠠᠮᠢᠶᠠᠷᠤᠯᠲᠠ᠂ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠳᠦᠷᠢᠮ ᠪᠠ ᠴᠤᠪᠤᠷᠠᠯ ᠢ | ᠵᠢᠷᠤᠮᠵᠢᠭᠤᠯᠤᠨ ᠴᠢᠩᠭᠠᠳᠬᠠᠬᠤ ᠬᠡᠷᠡᠭᠲᠡᠢ᠃ ᠭᠤᠷᠪᠠ ᠳᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠳᠤ | ᠬᠢᠨᠠᠯᠲᠠ ᠲᠠᠯᠪᠢᠬᠤ ᠭᠡᠷ ᠤᠨ ᠠᠬᠠᠮᠠᠳ ᠤᠨ ᠵᠥᠪᠯᠡᠯ ᠤᠨ ᠦᠢᠯᠡᠳᠦᠯ ᠢ ᠪᠠᠳᠠᠷᠠᠭᠤᠯᠵᠤ᠂ ᠢᠳᠡᠭᠡᠨ ᠤᠮᠳᠠᠭᠠᠨ ᠳᠤ ᠬᠢᠨᠠᠯᠲᠠ | ᠲᠠᠯᠪᠢᠵᠤ ᠭᠡᠷ ᠤᠨ ᠠᠬᠠᠮᠠᠳ ᠤᠨ ᠵᠥᠪᠯᠡᠯ ᠤᠨ ᠭᠡᠷ ᠤᠨ ᠠᠬᠠᠮᠠᠳ ᠤᠨ ᠲᠥᠯᠥᠭᠡᠯᠡᠭᠴᠢ ᠶᠢᠨ ᠢᠳᠡᠭᠡᠨ ᠤ ᠮᠠᠲ᠋ᠧᠷᠢᠶᠠᠯ | ᠬᠤᠳᠠᠯᠳᠤᠨ ᠠᠪᠬᠤ᠂ ᠬᠤᠭᠤᠯᠠ ᠲᠣᠬᠢᠷᠠᠭᠤᠯᠬᠤ ᠪᠠᠷ᠎ᠠ ᠪᠣᠯᠵᠤ ᠬᠤᠭᠤᠯᠠ ᠢᠳᠡᠬᠦ᠂ ᠠᠮᠤᠷ ᠲᠦᠪᠰᠢᠨ ᠤ ᠪᠠᠶᠢᠴᠠᠭᠠᠯᠲᠠ᠂ | ᠣᠷᠣᠯᠭ᠎ᠠ ᠵᠠᠷᠤᠯᠭ᠎ᠠ ᠶᠢ ᠢᠯᠡ ᠪᠣᠯᠭᠠᠬᠤ ᠵᠡᠷᠭᠡ ᠴᠢᠬᠤᠯᠠ ᠶᠡᠭᠡ ᠤᠴᠢᠷ ᠶᠠᠪᠤᠳᠠᠯ ᠳᠤ ᠬᠢᠨᠠᠯᠲᠠ ᠲᠠᠯᠪᠢᠬᠤ ᠶᠢ ᠠᠬᠢᠭᠤᠯᠬᠤ | ᠬᠡᠷᠡᠭᠲᠡᠢ᠃ | ᠲᠣᠰ ᠤᠳᠠᠭᠠᠨ ᠤ ᠪᠠᠶᠢᠴᠠᠭᠠᠯᠲᠠ ᠨᠢ ᠮᠠᠨ ᠤ ᠰᠢᠶᠠᠨ ᠤ ᠰᠤᠷᠭᠠᠭᠤᠯᠢ ᠶᠢᠨ ᠬᠤᠭᠤᠯᠠᠨ ᠬᠡᠷ ᠤᠨ ᠢᠳᠡᠭᠡᠨ ᠤ ᠠᠮᠤᠷ | ᠲᠦᠪᠰᠢᠨ ᠤ ᠠᠵᠢᠯ ᠳᠤ ᠬᠦᠴᠦᠲᠡᠶ ᠵᠢᠯᠣᠭᠤᠳᠣᠯᠭ᠎ᠠ ᠬᠠᠩᠭᠠᠪᠠ᠃ ᠡᠯ᠎ᠡ ᠬᠤᠭᠤᠯᠠ ᠬᠠᠩᠭᠠᠬᠤ ᠰᠤᠷᠭᠠᠭᠤᠯᠢ ᠲᠣᠰ | ᠤᠳᠠᠭᠠᠨ ᠤ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ | ᠢ ᠦᠨᠡᠨᠬᠦ ᠪᠠᠲᠤᠯᠠᠨ᠎ᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |