ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠠᠵᠢᠯ ᠤᠨ ᠳᠦᠷᠢᠮ︾ ︽ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠵᠡᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2025/4/1

    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ

ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 3 ᠰᠠᠷ᠎ᠠ ᠶᠢᠨ 31 ᠤ ᠡᠳᠦᠷ ᠬᠤᠷᠠᠯ

ᠬᠤᠷᠠᠯᠳᠤᠭᠤᠯᠵᠤ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ

ᠠᠵᠢᠯ ᠤᠨ ᠳᠦᠷᠢᠮ︾᠂ ︽ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ

ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠵᠡᠢ᠃ ᠳᠤᠮᠳᠠᠳᠤ

ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃

    ᠬᠤᠷᠠᠯ ᠠᠴᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ

ᠪᠣᠯ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ

ᠠᠷᠭ᠎ᠠ ᠬᠡᠮᠵᠢᠶ᠎ᠡ ᠮᠥᠨ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠠᠮᠢ ᠠᠬᠤᠢ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠠᠴᠠ ᠭᠠᠷᠳᠠᠵᠤ᠂ ᠠᠮᠢ ᠠᠬᠤᠢ ᠣᠷᠴᠢᠨ

ᠲᠣᠭᠤᠷᠢᠨ ᠢ ᠡᠪᠳᠡᠭᠰᠡᠨ ᠨᠢᠭᠡ ᠪᠦᠯᠦᠭ ᠴᠢᠬᠤᠯᠠ ᠶᠡᠭᠡ ᠨᠡᠶᠢᠲᠡᠯᠢᠭ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂

ᠠᠷᠠᠳ ᠣᠯᠠᠨ ᠤ ᠲᠤᠰᠬᠠᠯ ᠢᠶᠠᠷ ᠴᠢᠩᠭ᠎ᠠ ᠪᠠᠶᠢᠭ᠎ᠠ ᠨᠢᠭᠡ ᠪᠦᠯᠦᠭ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ

ᠰᠢᠢᠳᠪᠦᠷᠢᠯᠡᠬᠦ ᠶᠢ ᠠᠬᠢᠭᠤᠯᠵᠤ᠂ ᠰᠠᠶᠢᠨ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ᠃

    ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ

ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠯᠲᠠ ᠶᠢᠨ ᠬᠤᠷᠴᠠ

ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ

ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠤᠯᠤᠰ

ᠲᠦᠷᠦ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠳᠦᠷᠢᠮ ᠭᠡᠬᠦ ᠡᠨᠡ ᠬᠦ

ᠵᠠᠩᠭᠢᠯᠠᠭ᠎ᠠ ᠶᠢ ᠪᠠᠲᠤ ᠡᠵᠡᠮᠳᠡᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠴᠢᠩᠭ᠎ᠠ ᠪᠠᠶᠢᠬᠤ ᠦᠨᠳᠦᠰᠦᠨ

ᠭᠦᠭ ᠠᠶᠠᠰ ᠢ ᠪᠠᠷᠢᠮᠲᠠᠯᠠᠵᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠦᠷᠭᠦᠯᠵᠢᠯᠡᠨ ᠠᠰᠠᠭᠤᠳᠠᠯ ᠢ ᠢᠯᠡᠷᠡᠭᠦᠯᠵᠦ᠂

ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ

ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ

᠃ ᠱᠠᠯᠠᠪᠳᠠᠭᠤᠯᠤᠨ ᠪᠠᠶᠢᠴᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠷᠤᠮᠵᠢᠬᠰᠠᠨ ᠬᠠᠮᠢᠶᠠᠷᠤᠯᠲᠠ ᠶᠢ

ᠴᠢᠩᠭᠠᠳᠬᠠᠵᠤ᠂ ᠰᠤᠷᠲᠠᠯ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ ᠠᠴᠠ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠲᠥᠪ ᠤᠨ ᠪᠠ ᠲᠦᠷᠦ ᠶᠢᠨ ᠬᠡᠰᠡᠭ ᠪᠠᠶᠢᠭᠤᠯᠭ᠎ᠠ

ᠨᠢᠭᠡᠴᠢ ᠳᠤ ᠲᠣᠭᠤᠷᠢᠨ ᠪᠠᠶᠢᠴᠠᠭᠠᠯᠲᠠ ᠥᠷᠨᠢᠭᠦᠯᠵᠦ᠂ ᠵᠠᠷᠢᠮ ᠠᠰᠠᠭᠤᠳᠠᠯ ᠢ ᠢᠯᠡᠷᠡᠭᠦᠯᠪᠡ᠂ ᠴᠡᠭᠴᠡᠯᠡᠨ

ᠰᠠᠶᠢᠵᠢᠷᠠᠭᠤᠯᠬᠤ ᠶᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠤᠯᠤᠰ ᠲᠥᠷᠥ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ

ᠯᠠᠪᠳᠠᠭᠤᠨ ᠪᠠᠲᠤᠲᠠᠢ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ

ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠥᠪ ᠶᠣᠰᠣ ᠶᠢ ᠪᠠᠷᠢᠮᠲᠠᠯᠠᠨ

ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠵᠦ ᠲᠥᠯᠥᠪᠯᠡᠭᠡ᠂ ᠶᠡᠷᠦᠩᠬᠡᠢ ᠲᠥᠯᠦᠪᠵᠢᠭᠦᠯᠭᠡ ᠶᠢ ᠴᠢᠩᠭᠠᠳᠬᠠᠵᠤ᠂ ᠡᠯ᠎ᠡ

ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠡᠷᠡᠰ ᠠᠬᠢᠭᠤᠯᠬᠤ ᠬᠡᠷᠡᠭᠲᠡᠢ᠃ ᠤᠳᠤᠷᠢᠳᠬᠤ

ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ ᠦᠢᠯᠡᠳᠬᠦ᠂ ᠠᠵᠢᠯ ᠬᠢᠬᠦ ᠦᠭᠡᠢ᠂ ᠬᠢᠬᠦ ᠵᠣᠷᠢᠭ ᠦᠭᠡᠢ᠂

ᠬᠢᠬᠦ ᠳᠡᠭᠡᠨ ᠴᠢᠳᠠᠮᠠᠭᠠᠢ ᠪᠤᠰᠤ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠳᠤᠷᠢᠳᠬᠤ ᠺᠠᠳ᠋ᠷ ᠤᠨ ᠳᠠᠪᠰᠢᠵᠤ

ᠪᠠᠭᠤᠵᠤ ᠪᠦᠷ ᠪᠤᠯᠬᠤ ᠶᠢ ᠪᠠᠶᠢᠩᠭᠤᠵᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ

ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂

ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂

ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

    ᠬᠤᠷᠠᠯ ᠠᠴᠠ᠂ 2025 ᠣᠨ ᠪᠣᠯ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠠᠬᠢᠭᠤᠯᠬᠤ

ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ

ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ

ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ

ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ

ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ

ᠦᠢᠯᠡᠴᠢᠯᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠨᠠᠮ ᠤᠨ ᠲᠥᠪ

ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ

ᠬᠢᠨᠠᠯᠲᠠ ᠲᠠᠯᠪᠢᠬᠤ ᠭᠤᠣᠯᠳᠠᠯᠭ᠎ᠠ ᠪᠠᠨ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ

ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠴᠢᠩᠭ᠎ᠠ

ᠪᠠᠶᠢᠬᠤ ᠭᠦᠭ ᠠᠶᠠᠰ ᠢ ᠪᠠᠷᠢᠮᠲᠠᠯᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ᠂

ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ︽ᠨᠢᠭᠡᠳᠦᠭᠡᠷ ᠬᠠᠷᠢᠭᠤᠴᠠᠯᠭᠠᠲᠠᠨ︾ ᠪᠣᠯᠣᠨ ᠤᠳᠤᠷᠢᠳᠬᠤ

ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠶᠡᠷᠦᠩᠬᠡᠶᠢᠯᠡᠨ

ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠯᠲᠠ ᠪᠠ ᠪᠤᠰᠤᠳ ᠬᠢᠨᠠᠯᠲᠠ ᠶᠢ ᠨᠡᠪᠲᠡᠷᠡᠯᠴᠡᠭᠦᠯᠦᠨ

ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠦᠨᠡᠨ ᠠᠴᠠ ᠵᠥᠪ ᠢ

ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠵᠤ᠂ ᠲᠦᠷᠦ ᠶᠢᠨ

ᠪᠣᠳᠣᠯᠭ᠎ᠠ ᠶᠢ ᠣᠨᠣᠪᠴᠢᠲᠠᠢ ᠡᠵᠡᠮᠳᠡᠵᠦ᠂ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠵᠤ᠂ ᠰᠠᠬᠢᠯᠭ᠎ᠠ ᠪᠠᠲᠤ ᠶᠢᠨ

ᠤᠬᠠᠮᠰᠠᠷ ᠪᠣᠯᠣᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠳᠣᠲᠣᠭᠠᠳᠤ ᠶᠢᠨ ᠬᠠᠮᠢᠶᠠᠷᠤᠯᠲᠠ ᠬᠢᠨᠠᠯᠲᠠ ᠶᠢ

ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃

    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

    

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ

ᠪᠡᠯᠡᠳᠭᠡᠭᠰᠡᠨ ᠨᠢ᠄ ᠭᠠᠩᠭ᠎ᠠ 

 

 

 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2