ᠥᠪᠥᠷ ᠮᠣᠩᠭᠤᠯ ᠤᠨ ᠰᠢᠨ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠹᠧᠶ ᠦᠨᠡᠰᠦ᠂ ᠡᠯᠳᠡᠪ ᠳᠠᠪᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢᠨ ᠣᠯᠠᠨ ᠨᠡᠶᠢᠲᠡ ᠶᠢᠨ ᠰᠠᠨᠠᠯ ᠢ ᠬᠤᠷᠢᠶᠠᠵᠦ ᠨᠡᠶᠢᠳᠡᠯᠡᠪᠡ
ᠨᠡᠶᠢᠲᠡᠯᠡᠭᠰᠡᠨ ᠴᠠᠭ᠄
2025/4/1

   ︽︿ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ

ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ

ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾᠂ ︽︿ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ

ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ

ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠵᠢᠴᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ

ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠥᠪᠥᠷ ᠮᠣᠩᠭᠤᠯ ᠤᠨ ᠰᠢᠨ ᠯᠢᠶᠠᠨ ᠣᠷᠴᠢᠨ

ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠹᠧᠶ ᠦᠨᠡᠰᠦ᠂

ᠬᠤᠯᠢᠮᠠᠭ ᠳᠠᠪᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠤᠨ ᠲᠣᠭᠲᠠᠭᠤᠨ ᠦᠨᠡᠯᠡᠯᠲᠡ ᠶᠢ

ᠵᠠᠷᠯᠠᠨ ᠨᠡᠶᠢᠲᠡᠯᠡᠵᠦ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠣᠯᠠᠨ ᠨᠡᠶᠢᠲᠡ ᠶᠢᠨ ᠰᠠᠨᠠᠯ

ᠪᠠ ᠰᠠᠨᠠᠭᠤᠯᠭ᠎ᠠ ᠶᠢ ᠬᠤᠷᠢᠶᠠᠨ ᠴᠤᠭᠯᠠᠭᠤᠯᠵᠤ ᠬᠤᠷᠢᠶᠠᠪᠠ᠃

    ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ

    ᠲᠣᠰ ᠲᠥᠷᠥᠯ ᠵᠦᠢᠯ ᠨᠢ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠴᠠᠩᠱᠦ᠋ᠨ

ᠪᠠᠯᠭᠠᠰᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠶᠢᠲᠤ ᠲᠠᠯ᠎ᠠ ᠳᠤ ᠪᠠᠶᠢᠷᠢᠯᠠᠵᠤ᠂ ᠥᠪᠥᠷ

ᠮᠣᠩᠭᠤᠯ ᠤᠨ ᠰᠢᠨ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

ᠬᠢᠵᠠᠭᠠᠷᠲᠤ ᠺᠣᠮᠫᠠᠨᠢ ᠶᠢᠨ ᠹᠧᠶ ᠦᠨᠡᠰᠦ᠂ ᠬᠤᠯᠢᠮᠠᠭ ᠳᠠᠪᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ

ᠵᠦᠢᠯ ᠤᠨ ᠪᠥᠲᠥᠭᠡᠨ ᠪᠠᠶᠢᠭᠤᠯᠤᠯᠲᠠ ᠶᠢᠨ ᠴᠠᠭ ᠨᠢ 2025 ᠣᠨ ᠤ 7 ᠰᠠᠷ᠎ᠠ ᠠᠴᠠ 2027 ᠣᠨ ᠤ 7 ᠰᠠᠷ᠎ᠠ

ᠪᠣᠯᠲᠠᠯ᠎ᠠ᠂ ᠲᠥᠷᠥᠯ ᠵᠦᠢᠯ ᠳᠤ 3.8 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠪᠠᠯᠠ

ᠮᠥᠩᠭᠦ ᠶᠢᠨ ᠢᠷᠡᠯᠲᠡ ᠨᠢ ᠠᠵᠤ ᠠᠬᠤᠶᠢᠯᠠᠯ ᠳᠤ ᠥᠪᠡᠷᠲᠡᠭᠡᠨ ᠪᠡᠯᠡᠳᠬᠡᠨ᠎ᠡ᠃ ᠡᠭᠦᠨ ᠳᠤ ᠹᠧᠶ ᠡᠬᠢ

ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ 2.66

ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠡᠯᠳᠡᠪ ᠳᠠᠪᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ

ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ 1.14 ᠳ᠋ᠦᠩᠰᠢᠭᠤᠷ ᠲᠥᠭᠦᠷᠢᠭ ᠤᠨ ᠪᠡᠯᠡ

ᠣᠷᠣᠭᠤᠯᠪᠠ᠃ ᠲᠤᠰ ᠲᠥᠷᠥᠯ ᠵᠦᠢᠯ ᠢ ᠬᠡᠷᠡᠭᠵᠢᠭᠦᠯᠬᠦ ᠳᠡᠭᠡᠨ ᠲᠤᠰ ᠭᠠᠵᠠᠷ ᠣᠷᠣᠨ ᠤ ᠠᠵᠤ ᠦᠢᠯᠡᠳᠪᠦᠷᠢ ᠠᠴᠠ

ᠪᠤᠶ ᠪᠣᠯᠤᠭᠰᠠᠨ ᠶᠡᠭᠡ ᠬᠡᠮᠵᠢᠶᠡᠨ ᠤ ᠦᠨᠡᠰᠦ᠂ ᠡᠯᠳᠡᠪ ᠳᠠᠪᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ

ᠲᠥᠰᠦᠯ ᠢ ᠬᠠᠩᠭᠠᠵᠤ᠂ ᠡᠯ᠎ᠡ ᠵᠦᠢᠯ ᠤᠨ ᠠᠳᠠᠯᠢ ᠪᠤᠰᠤ ᠲᠥᠷᠥᠯ ᠬᠡᠯᠪᠡᠷᠢ ᠶᠢᠨ ᠠᠵᠤ ᠠᠬᠤᠶᠢᠯᠠᠯ ᠳᠤ ᠠᠶᠤᠯᠲᠠᠶ

ᠬᠠᠶᠠᠭᠳᠠᠮᠠᠯ ᠡᠳ᠋ ᠢ ᠰᠢᠢᠳᠪᠦᠷᠢᠯᠡᠬᠦ ᠰᠠᠭᠤᠷᠢ ᠦᠢᠯᠡᠴᠢᠯᠡᠭᠡᠨ ᠢ ᠬᠠᠩᠭᠠᠵᠤ᠂ ᠠᠵᠤ

ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠮᠬᠢ ᠵᠢᠷᠤᠮ ᠦᠭᠡᠶ

ᠰᠢᠢᠳᠪᠦᠷᠢᠯᠡᠬᠦ ᠠᠰᠠᠭᠤᠳᠠᠯ ᠢ ᠦᠨᠡᠨᠬᠦ ᠰᠢᠢᠳᠪᠦᠷᠢᠯᠡᠵᠤ᠂

ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠤᠤᠷ ᠥᠬᠡᠶᠢᠳᠡᠭᠦᠯᠦᠨ ᠰᠢᠢᠳᠪᠦᠷᠢᠯᠡᠬᠦ 

ᠴᠢᠳᠠᠪᠤᠷᠢ ᠶᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ

ᠰᠠᠶᠢᠵᠢᠷᠠᠭᠤᠯᠵᠤ᠂ ᠭᠠᠵᠠᠷ ᠣᠷᠣᠨ ᠤ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠶ᠃

ᠲᠥᠷᠥᠯ ᠵᠦᠢᠯ ᠢ ᠬᠡᠷᠡᠭᠵᠢᠭᠦᠯᠬᠦ ᠨᠢ ᠲᠤᠬᠠᠶ ᠶᠢᠨ ᠭᠠᠵᠠᠷ ᠤᠨ ᠬᠥᠭᠵᠢᠯᠲᠡ ᠶᠢᠨ ᠲᠥᠯᠥᠪᠵᠢᠭᠦᠯᠭᠡ ᠳᠤ ᠨᠡᠶᠢᠴᠡᠬᠦ

ᠪᠥᠭᠡᠳ ᠵᠣᠬᠢᠬᠤ ᠬᠡᠮᠵᠢᠶᠡᠨ ᠤ ᠠᠵᠢᠯ ᠤᠨ ᠪᠠᠶᠢᠷᠢ ᠬᠠᠩᠭᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ

ᠠᠵᠤ ᠠᠬᠤᠶᠢᠯᠠᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠨᠠᠩ ᠥᠷᠢᠰᠦᠯᠳᠦᠬᠦ ᠬᠦᠴᠦᠨ ᠲᠠᠢ

ᠪᠣᠯᠭᠠᠬᠤ ᠪᠠᠷ ᠪᠠᠷᠠᠬᠤ ᠦᠭᠡᠢ ᠪᠠᠰᠠ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠪᠡᠰᠦ

ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃

    ᠬᠤᠶᠠᠷ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠵᠦᠢᠯᠡᠰ᠂ ᠪᠣᠳᠠᠲᠠᠶ ᠬᠡᠯᠪᠡᠷᠢ ᠵᠢᠴᠢ ᠬᠤᠭᠤᠴᠠᠭ᠎ᠠ

ᠬᠢᠵᠠᠭᠠᠷ

    ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ᠄

    1. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠨᠳᠤᠬᠤ ᠣᠪᠣᠷ︔

    2. ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠶᠠᠮᠠᠷ ᠶᠠᠮᠠᠷ ᠨᠡᠶᠢᠭᠡᠮ ᠤᠨ ᠲᠣᠭᠲᠠᠭᠤᠨ ᠤ ᠠᠶᠤᠯ

ᠲᠦᠭᠰᠢᠭᠦᠷᠢ ᠡᠭᠦᠰᠬᠦ ᠪᠣᠯᠤᠯᠴᠠᠭ᠎ᠠ ᠲᠠᠢ︔

    3. ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠤᠰᠤᠳ ᠰᠠᠨᠠᠯ ᠪᠠ ᠰᠠᠨᠠᠭᠤᠯᠭ᠎ᠠ︔

    ᠣᠯᠠᠨ ᠨᠡᠶᠢᠲᠡ ᠪᠠᠷ ᠢᠶᠠᠨ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ

ᠲᠠᠯ᠎ᠠ ᠪᠠᠷ ᠬᠢ ᠰᠠᠨᠠᠯ ᠪᠠ ᠰᠠᠨᠠᠭᠤᠯᠭ᠎ᠠ ᠶᠢ ᠲᠣᠰ ᠢᠯᠡ ᠨᠡᠶᠢᠲᠡᠯᠡᠭᠰᠡᠨ ᠡᠳᠦᠷ ᠠᠴᠠ ᠡᠬᠢᠯᠡᠨ ᠲᠤᠯᠤᠭᠠᠨ ᠠᠵᠢᠯᠯᠠᠬᠤ

ᠡᠳᠦᠷ ᠤᠨ ᠳᠣᠲᠣᠷ᠎ᠠ᠂ ᠳᠣᠤᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ

ᠪᠠᠶᠢᠭᠤᠯᠤᠯᠲᠠ ᠶᠢᠨ ᠨᠢᠭᠡᠴᠡ ᠪᠤᠶᠤ ᠦᠨᠡᠯᠡᠯᠲᠡ ᠶᠢᠨ ᠨᠢᠭᠡᠴᠡ ᠳᠤ ᠬᠠᠷᠢᠭᠤ ᠲᠤᠰᠬᠠᠨ᠎ᠠ᠃

    ᠭᠤᠷᠪᠠ᠂ ᠣᠯᠠᠨ ᠨᠡᠶᠢᠲᠡ ᠶᠢᠨ ᠣᠷᠣᠯᠴᠠᠬᠤ ᠬᠠᠷᠢᠯᠴᠠᠬᠤ ᠠᠷᠭ᠎ᠠ ᠮᠠᠶ᠋ᠢᠭ

    ᠪᠥᠲᠥᠭᠡᠨ ᠪᠠᠶᠢᠭᠤᠯᠤᠯᠲᠠ ᠶᠢᠨ ᠨᠢᠭᠡᠴᠡ ᠲᠠᠢ ᠬᠠᠷᠢᠯᠴᠠᠬᠤ ᠠᠷᠭ᠎ᠠ ᠬᠡᠯᠪᠡᠷᠢ᠄ ᠥᠪᠥᠷ ᠮᠣᠩᠭᠤᠯ ᠤᠨ ᠰᠢᠨ

ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ

    ᠬᠠᠷᠢᠯᠴᠠᠬᠤ ᠬᠥᠮᠦᠨ᠄ ᠵᠢᠶᠠ ᠶᠠᠨ ᠬᠤᠢ ᠬᠠᠷᠢᠯᠴᠠᠬᠤ ᠤᠲᠠᠰᠤ᠄ 15604743003

    ᠨᠢᠭᠡᠴᠡ ᠶᠢᠨ ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠬᠤᠸᠠᠳᠧ ᠰᠢᠶᠠᠨ ᠤ ᠴᠠᠩᠱᠦ᠋ᠨ

ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠶᠢᠲᠤ ᠲᠠᠯ᠎ᠠ

    ᠰᠢᠤᠳᠠᠨ ᠨᠣᠮᠧᠷ᠄ 013350

    ᠥᠪᠥᠷ ᠣᠩᠭᠤᠯ ᠤᠨ ᠱᠢᠨ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠢᠨᠵᠢᠯᠡᠭᠡ ᠡᠷᠭᠡᠵᠢᠯ ᠤᠨ

ᠬᠢᠵᠠᠭᠠᠷᠲᠤ ᠺᠣᠮᠫᠠᠨᠢ 

ᠢᠷᠡᠯᠳᠡ᠄ ᠥᠪᠥᠷ ᠮᠣᠩᠭᠤᠯ ᠤᠨ ᠰᠢᠨ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ

ᠵᠣᠬᠢᠶᠠᠭᠴᠢ᠄ ᠥᠪᠥᠷ ᠮᠣᠩᠭᠤᠯ ᠤᠨ ᠰᠢᠨ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠥᠪᠥᠷ ᠮᠣᠩᠭᠤᠯ ᠤᠨ ᠰᠢᠨ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫ᠊
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2