ᠤᠯᠠᠭᠠᠨᠴᠠᠪ ᠬᠤᠲᠠ ᠶᠢᠨ ᠱᠠᠩᠳᠤ ᠶᠢᠨ ᠰᠢ ᠱᠦᠢ ᠴᠢᠤᠸᠠᠨ ᠤ 110 ᠺᠢᠯᠣᠸᠠᠲ ᠤᠨ ᠴᠠᠬᠢᠯᠭᠠᠨ ᠬᠦᠷᠭᠡᠬᠦ | ᠬᠤᠪᠢᠰᠬᠠᠬᠤ ᠢᠨᠵᠧᠨᠧᠷᠢᠩ ᠤᠨ ᠲᠥᠷᠥᠯ ᠵᠦᠢᠯ ︵ᠬᠤᠸᠠᠳᠧ︶ ᠤᠨ ᠬᠡᠰᠡᠭ︶ ᠨᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ | ᠵᠢᠱᠢᠬᠦ ᠲᠦᠷ ᠬᠡᠷᠡᠭᠵᠢᠭᠦᠯᠬᠦ ᠠᠷᠭ᠎ᠠ︾ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠡᠯᠡ ᠣᠷᠣᠭᠤᠯᠬᠤ | ᠦᠰᠦᠭ ︹2012︺ 2993 ᠳ᠋ᠤᠭᠠᠷ ᠲᠣᠭᠠᠲᠤ︶᠂ ︽ᠴᠢᠬᠤᠯᠠ ᠶᠡᠭᠡ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠵᠠᠳᠠᠯᠬᠤ | ᠪᠦᠯᠦᠭ ᠪᠠ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠬᠦᠲᠦᠯᠪᠦᠷᠢ ︵ᠲᠤᠷᠰᠢᠨ | ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠠᠯᠪᠠᠨ ᠪᠡᠯᠡ | ᠣᠷᠣᠭᠤᠯᠤᠯᠲᠠ ᠦᠰᠦᠭ ︹2013︺ 428 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ | ᠦᠨᠡᠯᠡᠨ ᠵᠢᠱᠢᠬᠦ ᠠᠵᠢᠯᠯᠠᠭᠠᠨ ᠤ ᠳᠦᠷᠢᠮ ︵ᠲᠤᠷᠰᠢᠨ ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ | ︹2016︺ 1 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠲᠣᠭᠲᠠᠭᠠᠯ ᠤᠨ | ᠱᠠᠭᠠᠷᠳᠠᠯᠭ᠎ᠠ ᠶᠣᠰᠣᠭᠠᠷ᠂ ᠡᠳᠦᠭᠡ ᠲᠣᠰ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ | ᠲᠦᠭᠰᠢᠭᠦᠷᠢ ᠶᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠭᠤᠯᠭ᠎ᠠ ᠵᠢᠴᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠲᠥᠷᠥᠯ ᠵᠦᠢᠯ ᠤᠨ ᠪᠠᠶᠢᠳᠠᠯ ᠤᠨ ᠲᠣᠪᠴᠢ ᠮᠡᠳᠡᠭᠦᠯᠦᠯᠲᠡ | ᠤᠯᠠᠭᠠᠨᠴᠠᠪ ᠤᠨ ᠱᠠᠩᠳᠤ ᠶᠢᠨ ᠰᠢ ᠱᠦᠢ ᠴᠢᠤᠸᠠᠨ 110 ᠺᠢᠯᠣᠸᠠᠲ ᠤᠨ ᠴᠠᠬᠢᠯᠭᠠᠨ ᠬᠦᠷᠭᠡᠬᠦ ᠬᠤᠪᠢᠰᠬᠠᠬᠤ | ᠢᠨᠵᠧᠨᠧᠷᠢᠩ ᠤᠨ ᠲᠥᠷᠥᠯ ᠵᠦᠢᠯ ︵ᠬᠤᠸᠠᠳᠧ ᠰᠢᠶᠠᠨ ᠤ ᠬᠡᠰᠡᠭ︶ ᠨᠢ ᠤᠯᠠᠭᠠᠨᠴᠠᠪ ᠬᠤᠲᠠ ᠶᠢᠨ ᠬᠤᠸᠠᠳᠧ | ᠰᠢᠶᠠᠨ ᠤ ᠭᠦᠨᠤᠯᠠᠭᠠᠨᠬᠤᠳᠳᠤᠭ ᠰᠢᠶᠠᠩ ᠤᠨ ᠡᠯ ᠳ᠋ᠤᠤ ᠹᠠᠩ ᠲᠣᠰᠬᠤᠨ᠂ ᠭᠦᠨᠤᠯᠠᠭᠠᠨᠬᠤᠳᠳᠤᠭ ᠲᠣᠰᠬᠤᠨ᠂ | ᠾᠧ ᠱᠧᠩ ᠲᠣᠰᠬᠤᠨ᠂ ᠨᠥᠩ ᠵᠢᠶᠠᠨ ᠲᠣᠰᠬᠤᠨ᠂ ᠴᠠᠩᠱᠦ᠋ᠨ ᠪᠠᠯᠭᠠᠰᠤᠨ ᠤ ᠳ᠋ᠧ ᠱᠧᠩ ᠲᠣᠰᠬᠤᠨ᠂ ᠳ᠋ᠧ ᠱᠠᠨ | ᠲᠣᠰᠬᠤᠨ᠂ ᠳ᠋ᠧ ᠢ ᠲᠣᠰᠬᠤᠨ᠂ ᠹᠠᠨ ᠷᠦᠩ ᠲᠣᠰᠬᠤᠨ᠂ ᠰᠢᠨ ᠹᠦ᠋ ᠲᠣᠰᠬᠤᠨ᠂ ᠶᠦᠩ ᠱᠧᠩ ᠲᠣᠰᠬᠤᠨ ᠳᠤ | ᠪᠠᠶᠢᠷᠢᠯᠠᠨ᠎ᠠ᠃ ᠲᠤᠰ ᠢᠨᠵᠧᠨᠧᠷᠢᠩ ᠳᠤ ᠰᠢ ᠱᠦᠢ ᠴᠢᠤᠸᠠᠨ ᠤ 110kV ᠬᠦᠴᠦᠳᠡᠯ ᠥᠭᠡᠷᠡᠴᠢᠯᠡᠬᠦ | ᠥᠷᠲᠡᠭᠡ ᠶᠢ ᠰᠢᠨ᠎ᠡ ᠪᠠᠷ ᠪᠠᠶᠢᠭᠤᠯᠬᠤ ᠨᠢ ᠲᠦᠷᠦᠯ ᠵᠦᠢᠯ ᠤᠨ ᠪᠠᠶᠢᠭ᠎ᠠ ᠣᠷᠣᠨ ᠪᠦᠰᠡ ᠶᠢᠨ ᠰᠢᠨ᠎ᠡ ᠪᠠᠷ ᠨᠡᠮᠡᠭᠳᠡᠬᠦ | ᠳᠠᠭᠠᠭᠠᠴᠠ ᠶᠢᠨ ᠴᠠᠬᠢᠯᠭᠠᠨ ᠬᠠᠩᠭᠠᠬᠤ ᠬᠡᠷᠡᠭᠴᠡᠭᠡ ᠶᠢ ᠬᠠᠩᠭᠠᠵᠤ᠂ ᠡᠷᠬᠢᠨ ᠲᠣᠭᠤᠷᠢᠨ ᠤ ᠬᠦᠴᠦᠳᠡᠯ ᠥᠭᠡᠷᠡᠴᠢᠯᠡᠬᠦ | ᠦᠷᠳᠡᠭᠡ ᠶᠢᠨ ᠬᠦᠨᠳᠦ ᠳᠠᠭᠠᠭᠠᠴᠠ ᠶᠢᠨ ᠠᠰᠠᠭᠤᠳᠠᠯ ᠢ ᠰᠢᠢᠳᠪᠦᠷᠢᠯᠡᠵᠦ᠂ ᠭᠠᠵᠠᠷ ᠣᠷᠣᠨ ᠤ ᠳᠠᠭᠠᠭᠠᠴᠠ ᠶᠢᠨ | ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠪᠠᠰᠠ ᠭᠠᠵᠠᠷ ᠣᠷᠣᠨ ᠤ | ᠴᠠᠬᠢᠯᠭᠠᠨ ᠲᠦᠭᠡᠭᠡᠬᠦ ᠲᠣᠣᠷ ᠤᠨ ᠴᠠᠬᠢᠯᠭᠠᠨ ᠬᠠᠩᠭᠠᠬᠤ ᠷᠠᠳᠢᠦ᠋ᠰ ᠢ ᠪᠣᠭᠤᠨᠢᠰᠬᠠᠵᠤ᠂ ᠴᠠᠬᠢᠯᠭᠠᠨ ᠬᠠᠩᠭᠠᠬᠤ ᠶᠠᠰᠤ | ᠴᠢᠨᠠᠷ ᠢ ᠳᠡᠭᠡᠭᠰᠢᠯᠡᠭᠦᠯᠵᠦ ᠪᠣᠯᠤᠨ᠎ᠠ᠂ ᠡᠶᠢᠮᠦ ᠠᠴᠠ ᠰᠢ ᠱᠦᠢ ᠴᠢᠤᠸᠠᠨ ᠤ 110kV ᠬᠦᠴᠦᠳᠡᠯ ᠥᠭᠡᠷᠡᠴᠢᠯᠡᠬᠦ | ᠥᠷᠲᠡᠭᠡ ᠶᠢ ᠰᠢᠨ᠎ᠡ ᠪᠠᠷ ᠪᠠᠶᠢᠭᠤᠯᠬᠤ ᠳᠤ ᠴᠢᠬᠤᠯᠠᠲᠠᠢ ᠶᠤᠮ᠃ | ᠲᠥᠷᠥᠯ ᠵᠦᠢᠯ ᠤᠨ ᠶᠡᠷᠦᠩᠬᠡᠢ ᠠᠰᠢᠭᠯᠠᠬᠤ ᠭᠠᠵᠠᠷ ᠤᠨ ᠲᠠᠯᠠᠪᠠᠢ 1.1200 ᠭᠠ ᠪᠣᠯᠤᠨ᠎ᠠ᠃ ᠴᠢᠳᠠᠮᠵᠢ ᠶᠢᠨ | ᠬᠤᠪᠢᠶᠠᠷᠢ ᠲᠣᠭᠤᠷᠢᠭ ᠨᠢ ᠪᠦᠷ ᠴᠠᠬᠢᠯᠭᠠᠨ ᠬᠦᠷᠭᠡᠬᠦ ᠬᠡᠯᠬᠢᠶ᠎ᠡ ᠶᠢᠨ ᠰᠤᠪᠤᠷᠭ᠎ᠠ ᠶᠢᠨ ᠰᠠᠭᠤᠷᠢ ᠭᠠᠵᠠᠷ ᠪᠣᠯᠤᠨ᠎ᠠ᠃ | ᠲᠤᠰ ᠲᠥᠷᠥᠯ ᠵᠦᠢᠯ ᠤᠨ ᠪᠠᠷᠢᠯᠭ᠎ᠠ ᠶᠢᠨ ᠶᠡᠷᠦᠩᠬᠡᠢ ᠬᠥᠷᠥᠩᠭᠡ ᠣᠷᠣᠭᠤᠯᠤᠯᠲᠠ ᠨᠢ ᠪᠠᠷᠤᠭ 13626 | ᠮᠢᠩᠭᠠᠨ ᠶᠤᠸᠠᠨ᠃ | ᠬᠤᠶᠠᠷ᠂ ᠲᠥᠷᠥᠯ ᠵᠦᠢᠯ ᠣᠷᠣᠰᠢᠵᠤ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ | ᠲᠦᠭᠰᠢᠭᠦᠷᠢ ᠶᠢᠨ ᠲᠦᠢᠮᠣ ᠪᠠᠶᠢᠳᠠᠯ | ᠲᠣᠰ ᠲᠥᠷᠥᠯ ᠵᠦᠶ᠋ᠯ ᠨᠢ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠠᠶᠤᠯ ᠲᠦᠭᠰᠢᠭᠦᠷᠢ ᠡᠭᠦᠰᠬᠦ | ᠪᠣᠯᠤᠯᠴᠠᠭ᠎ᠠ ᠨᠢ ᠭᠤᠤᠯᠳᠠᠭᠤ ᠳᠣᠤᠷᠠᠬᠢ ᠬᠡᠳᠦᠨ ᠲᠠᠯ᠎ᠠ ᠪᠣᠯᠤᠨ᠎ᠠ᠄ | ᠪᠠᠷᠢᠯᠭ᠎ᠠ ᠪᠠᠷᠢᠬᠤ ᠬᠤᠭᠤᠴᠠᠭᠠᠨ ᠤ ᠡᠷᠬᠢᠨ ᠲᠣᠭᠤᠷᠢᠨ ᠤ ᠵᠠᠮ ᠬᠠᠷᠢᠯᠴᠠᠭ᠎ᠠ ᠳᠤ ᠦᠵᠡᠭᠦᠯᠬᠦ ᠨᠥᠯᠥᠭᠡ︔ | ᠠᠮᠢ ᠠᠬᠤᠶ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ︔ ᠪᠠᠷᠢᠯᠭ᠎ᠠ ᠪᠠᠷᠢᠬᠤ ᠬᠤᠭᠤᠴᠠᠭᠠᠨ ᠳᠤ | ᠡᠭᠦᠰᠦᠭᠰᠡᠨ ᠱᠤᠤᠭᠢᠶᠠᠨ᠂ ᠲᠣᠭᠤᠰᠣ ᠳᠡᠭᠳᠡᠬᠦ᠂ ᠪᠣᠬᠢᠷ ᠤᠰᠤ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ | ᠨᠥᠯᠥᠭᠡ︔ ᠪᠠᠷᠢᠯᠭ᠎ᠠ ᠪᠠᠷᠢᠬᠤ ᠬᠤᠭᠤᠴᠠᠭᠠᠨ ᠳᠠᠬᠢ ᠠᠮᠤᠷ ᠲᠦᠪᠰᠢᠨ ᠤ ᠨᠥᠯᠥᠭᠡ︔ ᠵᠢᠱᠢᠶᠡᠯᠡᠪᠡᠯ ᠮᠧᠬᠠᠨᠢᠭ | ᠭᠡᠮᠲᠦᠯ᠂ ᠴᠠᠬᠢᠯᠭᠠᠨ ᠤ ᠭᠡᠮᠲᠦᠯ᠂ ᠭᠠᠯ ᠤᠨ ᠠᠶᠤᠯ ᠵᠡᠷᠭᠡ︔ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠠᠬᠢ | ᠨᠡᠭᠦᠳᠡᠯ ᠬᠥᠮᠦᠨ ᠠᠮᠠ ᠶᠢᠨ ᠬᠠᠮᠢᠶᠠᠷᠤᠯᠲᠠ ᠬᠢᠭᠡᠳ ᠨᠡᠶᠢᠭᠡᠮ ᠤᠨ ᠠᠮᠤᠷ ᠲᠦᠪᠰᠢᠨ ᠵᠡᠷᠭᠡ ᠬᠦᠴᠦᠨ ᠵᠦᠢᠯ | ᠪᠣᠯᠤᠨ᠎ᠠ᠃ | ᠭᠤᠷᠪᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ | ᠰᠠᠨᠠᠯ ᠪᠣᠯᠤᠨ ᠰᠠᠨᠠᠭᠤᠯᠭ᠎ᠠ ᠶᠢᠨ ᠥᠷᠭᠡᠨ ᠳᠡᠯᠭᠡᠷ ᠴᠢᠨᠠᠷ ᠢ ᠪᠠᠲᠤᠯᠠᠬᠤ ᠶᠢᠨ ᠲᠤᠰᠠᠳᠠ᠂ ᠲᠤᠰ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠰᠢᠭ ᠲᠤᠰᠠ ᠶᠢᠨ ᠬᠠᠮᠲᠤᠯᠢᠭ ᠤᠨ ᠲᠤᠰ ᠵᠦᠢᠯ ᠤᠨ | ᠡᠯ᠎ᠡ ᠲᠠᠯ᠎ᠠ ᠶᠢᠨ ᠪᠠᠶᠢᠳᠠᠯ ᠢ ᠣᠶᠢᠯᠠᠭᠠᠭᠤᠯᠪᠠ᠃ | ︵1︶ ᠣᠯᠠᠨ ᠨᠡᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ᠄ ᠲᠤᠰ ᠲᠥᠷᠥᠯ ᠵᠦᠢᠯ ᠳᠤ ᠬᠤᠯᠪᠣᠭᠳᠠᠭᠰᠠᠨ | ᠣᠯᠠᠨ ᠲᠦᠮᠡᠨ ᠢ ᠬᠤᠷᠢᠶᠠᠨ᠎ᠠ᠃ | ︵2︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠤᠯ ᠠᠭᠤᠯᠭ᠎ᠠ᠄ ᠪᠠᠶᠢᠭᠤᠯᠬᠤ ᠪᠠᠷ ᠪᠠᠶᠢᠭ᠎ᠠ ᠲᠥᠷᠥᠯ | ᠵᠦᠢᠯ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠭᠤᠤᠯ ᠠᠶᠤᠯ ᠲᠦᠭᠰᠢᠭᠦᠷᠢ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠤᠬᠠᠶ ᠶᠢᠨ ᠭᠠᠵᠠᠷ ᠤᠨ ᠨᠡᠶᠢᠭᠡᠮ ᠤᠨ ᠲᠣᠭᠲᠠᠭᠤᠨ | ᠪᠠᠶᠢᠳᠠᠯ ᠤᠨ ᠶᠡᠭᠡ ᠲᠠᠯ᠎ᠠ ᠳᠤ ᠦᠵᠡᠭᠦᠯᠬᠦ ᠨᠥᠯᠥᠭᠡ᠂ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠳᠤ | ᠦᠵᠡᠭᠦᠯᠬᠦ ᠦᠢᠯᠡᠳᠦᠯ᠂ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠶᠠᠮᠠᠷ ᠬᠦᠰᠡᠯ | ᠱᠠᠭᠠᠷᠳᠠᠯᠭ᠎ᠠ ᠲᠠᠢ᠂ ᠲᠤᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠲᠠᠢ ᠪᠠᠶᠢᠬᠤ ᠵᠡᠷᠭᠡ | ᠪᠣᠯᠤᠨ᠎ᠠ᠃ | ︵3︶ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ᠄ ᠢᠯᠡ ᠨᠡᠶᠢᠲᠡᠯᠡᠬᠦ ᠬᠤᠭᠤᠴᠠᠭᠠᠨ ᠳᠤ᠂ | ᠲᠣᠰ ᠲᠥᠷᠥᠯ ᠵᠦᠢᠯ ᠤᠨ ᠡᠭᠦᠰᠴᠦ ᠮᠡᠳᠡᠬᠦ ᠨᠥᠯᠥᠭᠡ ᠪᠠᠨ ᠤᠲᠠᠰᠤ ᠪᠤᠶᠤ ᠹᠠᠺᠰ᠂ ᠡᠯᠧᠺ᠊ᠲᠷᠣᠨ ᠰᠢᠤᠳᠠᠨ ᠤ | ᠵᠦᠢᠯ᠂ ᠵᠠᠬᠢᠳᠠᠯ ᠴᠢᠮᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠨᠢᠭᠡᠴᠡ ᠪᠠ ᠦᠨᠡᠯᠡᠨ ᠵᠢᠱᠢᠬᠦ ᠨᠢᠭᠡᠴᠡ ᠳᠤ ᠲᠤᠰᠬᠠᠵᠤ᠂ ᠲᠣᠰ ᠲᠥᠷᠥᠯ ᠵᠦᠢᠯ ᠤᠨ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠤᠨ ᠰᠠᠨᠠᠯ ᠪᠠ ᠰᠠᠨᠠᠭᠤᠯᠭ᠎ᠠ ᠪᠠᠨ ᠢᠯᠡᠳᠬᠡᠵᠦ᠂ ᠨᠡᠶᠢᠭᠡᠮ ᠤᠨ | ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠭᠰᠡᠨ ᠨᠠᠩ ᠲᠡᠭᠦᠯᠳᠡᠷᠵᠢᠭᠰᠡᠨ ᠮᠡᠳᠡᠭᠦᠯᠦᠯᠲᠡ ᠳᠤ ᠲᠥᠬᠦᠮ | ᠦᠵᠡᠭᠦᠯᠵᠦ ᠪᠣᠯᠤᠨ᠎ᠠ᠃ | ᠳᠥᠷᠪᠡ᠂ ᠣᠯᠠᠨ ᠨᠡᠶᠢᠲᠡ ᠶᠢᠨ ᠣᠷᠣᠯᠴᠠᠬᠤ ᠠᠷᠭ᠎ᠠ ᠮᠠᠶ᠋ᠢᠭ | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠶᠠᠮᠠᠷᠪᠠ ᠨᠢᠭᠡᠴᠡ ᠪᠠ | ᠬᠤᠪᠢ ᠬᠥᠮᠦᠨ ᠬᠡᠷᠪᠡ ᠰᠠᠨᠠᠯ ᠪᠤᠶᠤ ᠰᠠᠨᠠᠭᠤᠯᠭ᠎ᠠ ᠲᠠᠢ ᠪᠣᠯ ᠥᠪᠥᠷ ᠮᠣᠩᠭᠤᠯ ᠤᠨ ᠴᠠᠬᠢᠯᠭᠠᠨ ᠬᠦᠴᠦᠨ ︵ | ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ | ᠺᠣᠮᠫᠠᠨᠢ ᠳᠤ ᠰᠢᠭᠤᠳ ᠬᠠᠷᠢᠭᠤ ᠲᠤᠰᠬᠠᠵᠤ ᠪᠣᠯᠤᠨ᠎ᠠ᠃ | ᠵᠠᠷᠯᠠᠨ ᠨᠡᠶᠢᠲᠡᠯᠡᠬᠦ ᠴᠠᠭ᠄ 2025 ᠣᠨ ᠤ 3 ᠰᠠᠷ᠎ᠠ ᠶᠢᠨ 3 ᠤ ᠡᠳᠦᠷ ᠠᠴᠠ 2025 ᠣᠨ ᠤ 3 | ᠰᠠᠷ᠎ᠠ ᠶᠢᠨ 18 ᠤ ᠡᠳᠦᠷ ᠪᠣᠯᠲᠠᠯ᠎ᠠ᠃ | ᠬᠠᠷᠢᠯᠴᠠᠬᠤ ᠬᠥᠮᠦᠨ᠄ ᠶᠠᠨ ᠬᠠᠨ ᠤ ᠵᠢᠦᠸᠠᠢ | ᠬᠠᠷᠢᠯᠴᠠᠬᠤ ᠤᠲᠠᠰᠤ᠄ 15144845887 | ᠬᠠᠶ᠋ᠢᠭ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠥᠪᠥᠷ ᠣᠩᠭᠤᠯ ᠤᠨ ᠴᠠᠬᠢᠯᠭᠠᠨ ᠬᠦᠴᠦᠨ ᠤ ︵ᠪᠦᠯᠦᠭᠯᠡᠯ ᠤᠨ︶ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | 2025 ᠣᠨ ᠤ 3 ᠰᠠᠷ᠎ᠠ ᠶᠢᠨ 3 ᠤ ᠡᠳᠦᠷ | | ᠢᠷᠡᠯᠲᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠵᠣᠬᠢᠶᠠᠭᠴᠢ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ | ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ | ᠣᠷᠴᠢᠭᠤᠯᠤᠭᠴᠢ᠄ ᠭᠠᠩᠭ᠎ᠠ | |