ᠬᠤᠸᠠᠳᠧ ᠰᠢᠶᠠᠨ ᠤ ᠬᠤᠲᠠ ᠪᠠᠯᠭᠠᠰᠤᠨ ᠤ ᠪᠦᠬᠦᠯᠢ ᠴᠣᠭᠴᠠ ᠶᠢᠨ ᠲᠥᠯᠥᠪᠵᠢᠭᠦᠯᠭᠡ ᠶᠣᠰᠣᠭᠠᠷ᠂ ᠡᠭᠦᠨ ᠤ | ᠬᠠᠮᠲᠤ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠮᠠᠨ ᠤ ᠰᠢᠶᠠᠨ ᠤ | ᠰᠤᠯᠠ ᠪᠤᠯᠠᠵᠤ ᠳᠤᠷ᠎ᠠ ᠪᠠᠷ ᠢᠶᠠᠨ ᠪᠤᠯᠠᠬᠤ ᠦᠵᠡᠭᠳᠡᠯ ᠢ ᠪᠥᠬᠦ ᠲᠠᠯ᠎ᠠ ᠪᠠᠷ ᠵᠠᠰᠠᠵᠤ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ︽ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠲᠦᠷᠢᠮ︾᠂ ᠠᠷᠠᠳ ᠤᠨ ᠶᠠᠪᠤᠳᠠᠯ ᠤᠨ ᠶᠠᠮᠤᠨ ᠤ ︽ | ᠨᠡᠶᠢᠲᠡ ᠶᠢᠨ ᠣᠩᠭᠤᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠂ ︽ᠪᠥᠬᠦ ᠣᠷᠣᠨ ᠤ | ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠢ ᠴᠡᠭᠴᠡᠯᠡᠨ ᠵᠠᠰᠠᠵᠤ ᠪᠠᠬᠢᠵᠢᠬᠦᠯᠬᠦ ᠰᠢᠪᠲᠤᠯᠤᠯᠲᠠ ᠶᠢᠨ ᠭᠤᠷᠪᠠᠨ | ᠵᠢᠯ ᠤᠨ ᠠᠵᠢᠯᠯᠠᠭᠠᠨ ᠤ ᠲᠥᠰᠦᠯ︾᠂ ︽ᠪᠥᠬᠦ ᠣᠷᠣᠨ ᠤ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠢ | ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠤᠯᠠᠭᠠᠨᠴᠠᠪ ᠬᠤᠲᠠ ᠶᠢᠨ | ᠬᠡᠷᠡᠭᠵᠢᠭᠦᠯᠬᠦ ᠲᠥᠰᠦᠯ︾ ᠵᠡᠷᠭᠡ ᠰᠢᠷᠢᠰ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠠᠷᠢᠶᠠᠲᠤ | ᠣᠷᠣᠨ ᠤ ︽ᠭᠤᠷᠪᠠᠨ ᠳᠠᠭᠠᠤ ᠲᠤᠯᠤᠭᠠᠨ ᠲᠣᠭᠤᠷᠢᠭ︾ ︵ᠵᠠᠰᠠᠮᠠᠯ ᠵᠠᠮ᠂ ᠲᠡᠮᠦᠷ ᠵᠠᠮ ᠳᠠᠭᠠᠤ ᠶᠢᠨ ᠬᠤᠶᠠᠷ ᠲᠠᠯ᠎ᠠ | ᠂ ᠤᠰᠤᠨ ᠴᠥᠭᠦᠷᠥᠮ ᠤᠨ ᠣᠶᠢᠷ᠎ᠠ ᠬᠠᠪᠢ ᠵᠢᠴᠢ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ︔ | ᠲᠠᠷᠢᠶᠠᠨ ᠭᠠᠵᠠᠷ᠂ ᠣᠶᠢᠲᠤ ᠭᠠᠵᠠᠷ᠂ ᠨᠤᠲᠤᠭ ᠪᠡᠯᠴᠢᠭᠡᠷ᠂ ᠬᠤᠲᠠ ᠶᠢᠨ ᠴᠡᠴᠡᠷᠯᠢᠭ᠂ ᠠᠯᠳᠠᠷᠲᠤ ᠦᠵᠡᠮᠵᠢ ᠶᠢᠨ | ᠣᠷᠣᠨ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠣᠷᠣᠨ᠂ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠶᠢᠨ ᠣᠷᠣᠨ︶ ᠢ ᠦᠵᠡᠵᠦ ᠪᠣᠯᠬᠤ ᠬᠡᠪᠴᠢᠶᠡᠨ ᠳᠤ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠨ | ᠪᠤᠯᠠᠰᠢᠨ ᠭᠠᠵᠠᠷ ᠢ ᠵᠠᠰᠠᠬᠤ ᠠᠵᠢᠯ ᠢ ᠪᠦᠯᠦᠭ ᠬᠤᠪᠢᠶᠠᠨ ᠥᠷᠨᠢᠭᠦᠯᠬᠦ ᠪᠠᠷ ᠲᠣᠭᠲᠠᠭᠠᠪᠠ᠂ ᠪᠣᠳᠠᠲᠠᠶ ᠪᠠᠷ ᠵᠠᠷᠯᠠᠶ᠎ᠠ᠄ | ᠨᠢᠭᠡ᠂ ᠵᠠᠰᠠᠬᠤ ᠬᠦᠷᠢᠶ᠎ᠡ ᠬᠡᠪᠴᠢᠶ᠎ᠡ | ᠬᠤᠸᠠᠳᠧ ᠰᠢᠶᠠᠨ ᠤ ᠠᠯᠲᠠᠨ ᠭᠤᠷᠪᠠᠯᠵᠢᠨ ᠵᠠᠮ ᠬᠢᠭᠡᠳ S208 ︵ᠬᠠᠭᠤᠴᠢᠨ ᠤ︶ ᠠᠭᠤᠯᠵᠠᠷ ᠭᠠᠵᠠᠷ ᠢ | ᠵᠡᠭᠦᠨᠰᠢ ᠦᠵᠡᠵᠦ ᠪᠣᠯᠬᠤ ᠬᠡᠪᠴᠢᠶᠡᠨ ᠳᠣᠲᠣᠷᠠᠬᠢ ᠡᠯ᠎ᠡ ᠲᠥᠷᠥᠯ ᠤᠨ ᠲᠣᠭᠲᠠᠭᠠᠯ ᠠᠴᠠ ᠵᠥᠷᠢᠴᠡᠨ ᠪᠤᠯᠠᠰᠢᠨ ᠤ | ᠭᠠᠵᠠᠷ ᠢ ᠵᠠᠰᠠᠨ᠎ᠠ᠃ ︵ᠳᠠᠭᠠᠯᠳᠤᠭᠤᠯᠤᠯ ᠢ ᠦᠵᠡ︶ | ᠬᠤᠶᠠᠷ᠂ ᠵᠠᠰᠠᠬᠤ ᠨᠢᠭᠡᠴᠢ ᠵᠢᠴᠢ ᠴᠠᠭ ᠤᠨ ᠬᠢᠵᠠᠭᠠᠷ | ᠪᠤᠯᠠᠰᠢ ᠲᠠᠲᠠᠪᠤᠷᠢᠯᠠᠨ ᠨᠡᠭᠦᠯᠭᠡᠬᠦ ᠠᠵᠢᠯ ᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠴᠠᠩᠱᠦ᠋ᠨ | ᠪᠠᠯᠭᠠᠰᠤ᠂ ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠪᠠᠷ ᠪᠦᠷᠢᠯᠳᠦᠭᠰᠡᠨ ᠲᠠᠲᠠᠪᠤᠷᠢᠯᠠᠨ ᠨᠡᠭᠦᠯᠭᠡᠬᠦ ᠠᠯᠪᠠᠨ | ᠭᠡᠷ ᠬᠠᠮᠲᠤᠪᠠᠷ ᠬᠠᠷᠢᠭᠤᠴᠠᠨ ᠬᠡᠷᠡᠭᠵᠢᠭᠦᠯᠵᠦ᠂ ᠲᠠᠲᠠᠪᠤᠷᠢᠯᠠᠨ ᠨᠡᠭᠦᠯᠭᠡᠬᠦ ᠠᠯᠪᠠᠨ ᠭᠡᠷ ᠢ ᠰᠢᠶᠠᠨ ᠤ ᠠᠷᠠᠳ ᠤᠨ | ᠶᠠᠪᠤᠳᠠᠯ ᠤᠨ ᠲᠣᠪᠴᠢᠶ᠎ᠠ ᠳᠤ ᠭᠠᠷᠭᠠᠵᠤ᠂ ᠡᠷᠬᠡᠪᠰᠢ 2025 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ ᠠᠴᠠ | ᠡᠮᠦᠨ᠎ᠡ ᠪᠦᠬᠦᠨ ᠢ ᠲᠠᠲᠠᠪᠤᠷᠢᠯᠠᠨ ᠨᠡᠭᠦᠯᠭᠡᠵᠦ ᠳᠠᠭᠤᠰᠬᠠᠬᠤ ᠬᠡᠷᠡᠭᠲᠡᠢ᠃ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ | ᠡᠬᠢᠯᠡᠨ᠂ ᠳᠡᠭᠡᠷ᠎ᠡ ᠳᠤᠷᠠᠳᠤᠭᠰᠠᠨ ᠬᠡᠪᠴᠢᠶᠡᠨ ᠳᠤ ᠪᠣᠢ ᠪᠦᠬᠦᠢ ᠣᠩᠭᠤᠨ ᠤ ᠡᠵᠡᠨ ᠤ ᠲᠥᠷᠥᠯ ᠰᠠᠳᠤᠨ᠂ | ᠲᠠᠲᠠᠪᠤᠷᠢᠯᠠᠨ ᠨᠡᠭᠦᠯᠭᠡᠬᠦ ᠠᠯᠪᠠᠨ ᠭᠡᠷ ᠲᠠᠢ ᠴᠠᠭ ᠲᠤᠬᠠᠢ ᠳᠤ ᠨᠢ ᠬᠠᠷᠢᠯᠴᠠᠵᠤ ᠲᠠᠲᠠᠪᠤᠷᠢᠯᠠᠨ ᠨᠡᠭᠦᠯᠭᠡᠬᠦ ᠤᠴᠢᠷ | ᠶᠠᠪᠤᠳᠠᠯ ᠢ ᠶᠠᠷᠢᠯᠴᠠᠬᠤ ᠬᠡᠷᠡᠭᠲᠡᠢ᠃ 2025 ᠣᠨ ᠤ 9 ᠰᠠᠷ᠎ᠠ ᠶᠢᠨ 20 ᠤ ᠡᠳᠦᠷ ᠠᠴᠠ ᠡᠮᠦᠨ᠎ᠡ ᠲᠠᠲᠠᠪᠤᠷᠢᠯᠠᠨ | ᠨᠤᠷᠠᠭᠠᠬᠤ ᠠᠯᠪᠠᠨ ᠬᠡᠷ ᠲᠠᠢ ᠬᠠᠷᠢᠯᠴᠠᠵᠤ ᠪᠤᠯᠠᠰᠢ ᠨᠡᠭᠦᠯᠭᠡᠬᠦ ᠤᠴᠢᠷ ᠶᠠᠪᠤᠳᠠᠯ ᠢ ᠬᠠᠮᠢᠶ᠎ᠠ ᠪᠥᠬᠦᠶ ᠬᠠᠤᠯᠢ | ᠴᠠᠭᠠᠵᠠ ᠶᠢᠨ ᠲᠠᠰ ᠳᠠᠷᠠᠭᠠᠯᠠᠯ ᠢ ᠦᠨᠳᠦᠰᠦᠯᠡᠨ ᠬᠠᠤᠯᠢ ᠶᠣᠰᠣᠭᠠᠷ ᠭᠦᠢᠴᠡᠳᠬᠡᠵᠦ᠂ ᠡᠵᠡᠨ ᠥᠬᠡᠶ ᠪᠤᠯᠠᠰᠢᠨ ᠤ | ᠭᠠᠵᠠᠷ ᠤᠨ ᠶᠣᠰᠣᠭᠠᠷ ᠨᠢᠭᠡᠳᠦᠯᠲᠡᠶ ᠰᠢᠯᠵᠢᠭᠦᠯᠦᠨ᠎ᠡ᠃ | ᠭᠤᠷᠪᠠ᠂ ᠲᠠᠲᠠᠪᠤᠷᠢᠯᠠᠨ ᠨᠡᠭᠦᠯᠭᠡᠬᠦ ᠠᠷᠭ᠎ᠠ ᠮᠠᠶ᠋ᠢᠭ᠂ ᠨᠥᠬᠦᠪᠥᠷᠢ ᠥᠭᠬᠦ ᠵᠢᠴᠢ ᠱᠠᠩᠨᠠᠬᠤ ᠪᠠᠷᠢᠮᠵᠢᠶ᠎ᠠ | 1. ᠲᠠᠲᠠᠪᠤᠷᠢᠯᠠᠨ ᠨᠡᠭᠦᠯᠭᠡᠬᠦ ᠠᠷᠭ᠎ᠠ ᠬᠡᠯᠪᠡᠷᠢ᠃ ᠣᠩᠭᠤᠨ ᠤ ᠡᠵᠡᠨ ᠤ ᠲᠥᠷᠥᠯ ᠰᠠᠳᠤᠨ ᠥᠪᠡᠷᠲᠡᠭᠡᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠪᠠ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ | ᠣᠩᠭᠤᠨ ᠬᠡᠷᠡᠭᠯᠡᠬᠦ ᠶᠢ ᠰᠣᠩᠭᠤᠬᠤ ᠪᠤᠶᠤ ᠭᠠᠴᠠᠭᠠᠨ ᠤ ᠠᠷᠠᠳ ᠤᠨ ᠵᠥᠪᠯᠡᠯ ᠢᠶᠠᠷ ᠳᠠᠮᠵᠢᠭᠤᠯᠤᠨ ᠬᠥᠳᠡᠭᠡ | ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠳᠤ ᠨᠡᠭᠦᠵᠦ ᠣᠴᠢᠬᠤ ᠶᠢ | ᠰᠣᠩᠭᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠪᠤᠶᠤ ᠡᠵᠡᠩᠨᠡᠯᠲᠡ ᠶᠢᠨ ᠴᠢᠨᠠᠷᠲᠠᠶ | ᠨᠡᠶᠢᠲᠡ ᠶᠢᠨ ᠣᠩᠭᠤᠨ ᠳᠤ ᠨᠡᠭᠦᠨ ᠣᠴᠢᠬᠤ ᠶᠢ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠪᠡᠯᠡ | ᠣᠷᠣᠭᠤᠯᠤᠯᠲᠠ ᠶᠢᠨ ᠺᠣᠮᠫᠠᠨᠢ ᠠᠴᠠ ᠪᠤᠩᠬᠤᠨ ᠤ ᠬᠦᠷᠢᠶᠡᠯᠡᠩ ᠤᠨ ᠪᠦᠬᠦᠯᠢ ᠴᠣᠭᠴᠠ ᠶᠢᠨ ᠲᠥᠯᠥᠪᠵᠢᠭᠦᠯᠭᠡ | ᠶᠣᠰᠣᠭᠠᠷ ᠪᠤᠯᠠᠰᠢᠨ ᠣᠷᠣᠰᠢᠭᠤᠯᠭ᠎ᠠ ᠶᠢᠨ ᠭᠠᠵᠠᠷ ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠬᠠᠮᠢᠶ᠎ᠠ ᠪᠦᠬᠦᠢ | ᠵᠠᠷᠤᠳᠠᠯ ᠨᠢ ᠥᠪᠡᠰᠦᠪᠡᠨ ᠡᠭᠦᠷᠭᠡᠯᠡᠵᠦ᠂ ᠰᠢᠶᠠᠨ ᠤ ᠬᠡᠪᠴᠢᠶᠡᠨ ᠳᠤ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠢᠶᠠᠨ | ᠪᠤᠯᠠᠰᠢᠯᠠᠬᠤ ᠶᠢ ᠴᠠᠭᠠᠵᠠᠯᠠᠨ᠎ᠠ᠃ | ᠨᠥᠬᠦᠪᠥᠷᠢ ᠥᠭᠬᠦ ᠪᠠᠷᠢᠮᠵᠢᠶ᠎ᠠ᠃ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠤᠨ ︽ᠡᠷᠢᠶᠡᠨ - ᠭᠤᠸᠠᠩᠵᠸᠦ ᠠᠴᠠ ᠠᠷᠤᠨ ᠬᠤᠰᠢᠭᠤ ᠬᠥᠷᠬᠦ ᠬᠠᠷᠢᠯᠴᠠᠬᠤ ᠱᠤᠭᠤᠮ ᠤᠨ ᠠᠨ ᠶᠧ ᠠᠴᠠ | ᠪᠠᠶᠠᠨᠴᠠᠭᠠᠨ ᠬᠥᠷᠬᠦ ᠬᠡᠰᠡᠭ ᠤᠨ ᠲᠥᠷᠥᠯ ᠵᠦᠢᠯ ᠤᠨ ᠲᠠᠲᠠᠪᠤᠷᠢᠯᠠᠨ ᠨᠤᠷᠠᠭᠠᠬᠤ ᠨᠥᠬᠦᠪᠥᠷᠢ ᠶᠢᠨ ᠪᠠᠷᠢᠮᠵᠢᠶ᠎ᠠ ᠳᠤ | ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ︵ᠤᠯᠠᠭᠠᠨᠴᠠᠪ ᠵᠠᠰᠠᠭ ᠠᠯᠪᠠᠨ ᠥᠰᠥᠭ ﹇2019﹈ 56 ᠳ᠋ᠤᠭᠠᠷ | ᠲᠣᠭᠠᠲᠤ︶ ᠤᠨ ᠪᠢᠴᠢᠭ ᠮᠠᠲ᠋ᠧᠷᠢᠶᠠᠯ ᠤᠨ ᠪᠠᠷᠢᠮᠵᠢᠶ᠎ᠠ ᠶᠣᠰᠣᠭᠠᠷ ᠨᠥᠬᠦᠪᠥᠷᠢ ᠥᠭᠭᠦᠨ᠎ᠡ᠃ ᠲᠣᠭᠤᠰᠬ᠎ᠠ | ᠴᠢᠯᠠᠭᠤ ᠪᠠᠷ ᠵᠡᠷᠭᠡᠯᠡᠭᠰᠡᠨ ᠪᠤᠯᠠᠰᠢ ᠳᠤ 9 000 ᠲᠥᠭᠦᠷᠢᠭ / ᠰᠠᠭᠤᠷᠢ ᠨᠥᠬᠦᠪᠦᠷᠢᠯᠡᠵᠦ᠂ ᠰᠢᠷᠣᠶ ᠶᠢᠨ | ᠪᠤᠯᠠᠰᠢ ᠳᠤ 5 000 ᠲᠥᠭᠦᠷᠢᠭ / ᠰᠠᠭᠤᠷᠢ ᠨᠥᠬᠦᠪᠦᠷᠢᠯᠡᠵᠦ᠂ ᠨᠡᠭᠦᠯᠭᠡᠭᠰᠡᠨ ᠰᠦᠢᠳᠬᠡᠯ 2 500 ᠲᠥᠭᠦᠷᠢᠭ / | ᠰᠠᠭᠤᠳᠠᠯ ᠨᠥᠬᠦᠪᠦᠷᠢᠯᠡᠨ᠎ᠡ᠃ | 3. ᠱᠠᠩᠨᠠᠬᠤ ᠠᠷᠭ᠎ᠠ᠃ ᠣᠩᠭᠤᠨ ᠤ ᠡᠵᠡᠨ 2025 ᠣᠨ ᠤ 4 ᠰᠠᠷ᠎ᠠ ᠶᠢᠨ 30 ᠤ ᠡᠳᠦᠷ ᠠᠴᠠ ᠡᠮᠦᠨ᠎ᠡ | ᠨᠡᠭᠦᠵᠦ ᠭᠠᠷᠤᠭᠰᠠᠨ ᠪᠠᠶᠢᠪᠠᠯ᠂ ᠪᠤᠯᠠᠰᠢᠨ ᠳᠡᠭᠡᠷᠡᠬᠢ ᠨᠥᠬᠦᠪᠥᠷᠢ ᠶᠢᠨ ᠪᠠᠷᠢᠮᠵᠢᠶ᠎ᠠ ᠶᠢ ᠭᠥᠷᠳᠡᠬᠦ ᠠᠴᠠ ᠭᠠᠳᠠᠨ᠎ᠠ | ᠪᠠᠰᠠ 1000 ᠲᠥᠭᠦᠷᠢᠭ ᠤᠨ ᠱᠠᠩᠨᠠᠯ ᠤᠨ ᠮᠥᠩᠭᠦ ᠣᠯᠭᠤᠨ᠎ᠠ᠃ | ᠳᠥᠷᠪᠡ᠂ ᠬᠠᠷᠢᠯᠴᠠᠬᠤ ᠤᠲᠠᠰᠤ | ᠲᠠᠲᠠᠪᠤᠷᠢᠯᠠᠨ ᠨᠡᠭᠦᠯᠭᠡᠬᠦ ᠠᠯᠪᠠᠨ ᠭᠡᠷ᠄ ᠱᠢ ᠫᠧᠩ ᠹᠧᠢ ︵1824744888︶ | ᠴᠠᠩᠱᠦ᠋ᠨ ᠪᠠᠯᠭᠠᠰᠤ᠄ ᠼᠤᠤ ᠰᠢᠤ ᠵᠢᠶᠦ᠋ᠨ ︵13704746283︶ | ᠬᠤᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ᠄ ᠾᠧ ᠵᠠᠨ ᠭᠤᠸᠠᠩ ︵13484795649︶ | ᠳᠠᠭᠠᠯᠳᠤᠭᠤᠯᠤᠯ᠄ ᠴᠠᠩᠱᠦ᠋ᠨ ᠪᠠᠯᠭᠠᠰᠤᠨ ᠤ ᠬᠤᠲᠠ ᠶᠢᠨ ᠲᠣᠭᠤᠷᠢᠭ ᠤᠨ ᠡᠷᠬᠢᠨ ᠲᠣᠭᠤᠷᠢᠨ ᠤ ᠰᠤᠯᠠ | ᠪᠤᠯᠠᠵᠤ ᠳᠤᠷ᠎ᠠ ᠪᠠᠷ ᠢᠶᠠᠨ ᠪᠤᠯᠠᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠣᠷᠣᠨ ᠤ ᠬᠤᠪᠢᠶᠠᠷᠢᠯᠠᠯ ᠤᠨ ᠵᠢᠷᠤᠭ | ᠡᠭᠦᠨ ᠤ ᠲᠤᠯᠠ ᠣᠨᠴᠠᠭᠠᠶᠢᠯᠠᠨ ᠵᠠᠷᠯᠠᠪᠠ | | ᠢᠷᠡᠯᠲᠡ᠄ ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ | ᠣᠷᠴᠢᠭᠤᠯᠤᠭᠴᠢ᠄ ᠭᠠᠩᠭ᠎ᠠ | |