4 ᠰᠠᠷ᠎ᠠ ᠶᠢᠨ 12 ᠤᠨ ᠡᠳᠦᠷ᠂ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠬᠤᠸᠠᠳᠧ ᠰᠢᠶᠠᠨ ᠳᠤ | ᠰᠢᠷᠦᠭᠦᠨ ᠴᠠᠰᠤ ᠣᠷᠣᠵᠤ᠂ ᠶᠡᠭᠡ ᠰᠠᠯᠬᠢ ᠵᠢᠴᠢ ᠴᠠᠰᠤ ᠦᠯᠢᠶᠡᠬᠦ ᠴᠠᠭ ᠠᠭᠤᠷ ᠲᠤ ᠤᠴᠠᠷᠠᠵᠤ᠂ G5511 | ᠲᠦᠷᠭᠡᠨ ᠤ ᠵᠠᠰᠠᠮᠠᠯ ᠵᠠᠮ ᠤᠨ ᠬᠤᠸᠠᠳᠧ ᠰᠢᠶᠠᠨ ᠤ ᠬᠡᠰᠡᠭ ᠲᠤ ᠴᠠᠰᠤ ᠬᠦᠨᠳᠦ ᠨᠣᠴᠢᠲᠠᠶ ᠣᠷᠣᠵᠤ᠂ ᠣᠯᠵᠤ | ᠬᠠᠷᠠᠬᠤ ᠠᠴᠠ ᠪᠣᠯᠵᠣ ᠭᠡᠨᠡᠳᠲᠡ ᠪᠠᠭᠤᠷᠠᠵᠤ᠂ ᠬᠤᠸᠠᠳᠧ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ | ᠲᠦᠢᠯ ᠤᠨ ᠴᠠᠭ ᠠᠭᠤᠷ ᠲᠤ ᠴᠢᠭᠯᠡᠭᠦᠯᠦᠨ᠂ ᠳᠠᠷᠤᠶ ᠲᠦᠷᠭᠡᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ | ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠵᠡᠷᠭᠡ ᠰᠠᠯᠠᠭ᠎ᠠ ᠮᠥᠴᠢᠷ ᠪᠣᠯᠤᠨ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠤᠯᠠᠭᠠᠨᠴᠠᠪ ᠤᠨ | ᠬᠤᠪᠢᠶᠠᠷᠢ ᠺᠣᠮᠫᠠᠨᠢ ᠵᠢᠴᠢ ᠲᠦᠷᠭᠡᠨ ᠳᠠᠪᠬᠢᠬᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠴᠠᠭᠳᠠᠭ᠎ᠠ᠂ ᠮᠧᠩ ᠲᠦᠩ | ᠠᠷᠠᠴᠢᠯᠠᠨ ᠬᠠᠮᠠᠭᠠᠯᠠᠬᠤ ᠺᠣᠮᠫᠠᠨᠢ᠂ ᠯᠠᠨ ᠲᠢᠶᠠᠨ ᠠᠪᠤᠷᠠᠨ ᠲᠤᠰᠠᠯᠠᠬᠤ ᠠᠩᠭᠢ ᠶᠢ ᠵᠣᠬᠢᠶᠠᠨ ᠪᠠᠶᠢᠭᠤᠯᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠵᠦ᠂ ᠲᠣᠮᠣ ᠬᠡᠯᠪᠡᠷᠢ ᠶᠢᠨ ᠮᠠᠰᠢᠨ 39 ᠰᠠᠭᠤᠷᠢ᠂ ᠪᠤᠰᠤᠳ | ᠠᠪᠤᠷᠠᠨ ᠲᠤᠰᠠᠯᠠᠬᠤ ᠲᠡᠷᠭᠡ 41 ᠰᠠᠭᠤᠷᠢ᠂ ᠠᠪᠤᠷᠠᠨ ᠲᠤᠰᠠᠯᠠᠬᠤ ᠠᠵᠢᠯᠲᠠᠨ 239 ᠬᠥᠮᠦᠨ ᠢ ᠬᠥᠳᠡᠯᠭᠡᠵᠦ᠂ | ᠣᠯᠠᠨ ᠰᠠᠯᠠᠭ᠎ᠠ ᠮᠥᠴᠢᠷ ᠤᠨ ᠬᠠᠮᠵᠢᠯᠴᠠᠨ ᠠᠪᠤᠷᠠᠨ ᠲᠤᠰᠠᠯᠠᠬᠤ ᠠᠵᠢᠯᠯᠠᠭ᠎ᠠ ᠶᠢ ᠥᠷᠨᠢᠭᠦᠯᠪᠡ᠃ | ᠠᠪᠤᠷᠠᠨ ᠲᠤᠰᠠᠯᠠᠬᠤ ᠠᠵᠢᠯ ᠢ ᠥᠷᠨᠢᠭᠦᠯᠦᠭᠰᠡᠨ ᠤ ᠳᠠᠷᠠᠭ᠎ᠠ᠂ ᠬᠤᠸᠠᠳᠧ ᠰᠢᠶᠠᠨ ᠤ ᠵᠠᠰᠠᠭ ᠤᠨ ᠣᠷᠳᠣᠨ | ᠬᠤᠸᠠᠳᠧ ᠰᠢᠶᠠᠨ ᠤ ᠪᠠᠷᠠᠭᠤᠨ ᠬᠡᠰᠡᠭ ᠤᠨ ᠰᠦᠢᠳᠭᠡᠯ ᠬᠤᠷᠢᠶᠠᠬᠤ ᠥᠷᠲᠡᠭᠡ ᠳᠤ ᠲᠦᠷ ᠴᠠᠭ ᠤᠨ ᠵᠢᠯᠣᠭᠤᠳᠬᠤ | ᠭᠠᠵᠠᠷ ᠪᠠᠶᠢᠭᠤᠯᠵᠤ᠂ ᠲᠤᠬᠠᠶ ᠶᠢᠨ ᠲᠠᠯᠠᠪᠤᠷ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠵᠤ᠂ ᠠᠪᠤᠷᠠᠨ | ᠲᠤᠰᠠᠯᠠᠬᠤ ᠮᠠᠰᠢᠨ᠂ ᠠᠵᠢᠯᠲᠠᠨ᠂ ᠲᠥᠬᠦᠭᠡᠷᠦᠮᠵᠢ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢᠨ ᠬᠠᠮᠲᠤ ᠲᠦᠷ ᠴᠠᠭ ᠤᠨ ᠲᠥᠪᠬᠢᠨᠡᠭᠦᠯᠬᠦ ᠴᠡᠭ ᠭᠠᠷᠭᠠᠵᠤ᠂ ᠠᠪᠤᠷᠠᠭᠳᠠᠭᠰᠠᠨ ᠬᠥᠮᠦᠰ ᠲᠤ | ᠬᠠᠯᠠᠭᠤᠨ ᠢᠳᠡᠭᠡᠨ᠂ ᠨᠣᠣᠰᠣᠨ ᠲᠠᠩᠰᠠ ᠵᠢᠴᠢ ᠡᠮᠴᠢᠯᠡᠭᠡᠨ ᠤ ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠪᠠ᠃ | ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠳ ᠠᠳᠡᠯ ᠭᠠᠷᠤᠭᠰᠠᠨ ᠵᠠᠮ ᠤᠨ ᠬᠡᠰᠡᠭ ᠲᠤ ᠲᠦᠷ | ᠴᠠᠭ ᠤᠨ ᠵᠠᠬᠢᠷᠤᠨ ᠬᠠᠮᠢᠶᠠᠷᠬᠤ ᠴᠡᠭ ᠭᠠᠷᠭᠠᠵᠤ᠂ ᠲᠡᠷᠭᠡᠨ ᠳᠤ ᠲᠡᠭᠡᠭᠡᠬᠦ ᠷᠠᠳᠢᠣ᠋ ᠨᠡᠪᠲᠡᠷᠡᠭᠦᠯᠭᠡ᠂ ᠵᠢᠯᠣᠭᠤᠴᠢ ᠥᠬᠡᠶ | ᠨᠢᠰᠬᠡᠯ ᠢᠶᠠᠷ ᠦᠭᠡ ᠬᠡᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠰᠢᠭᠳᠠᠭᠰᠠᠨ ᠬᠥᠮᠦᠰ ᠢ ᠠᠮᠤᠷ ᠲᠦᠪᠰᠢᠨ | ᠣᠷᠣᠨ ᠪᠦᠰᠡ ᠳᠤ ᠰᠢᠯᠵᠢᠭᠦᠯᠬᠦ ᠪᠠᠷ ᠬᠥᠲᠥᠯᠥᠨ ᠵᠢᠯᠣᠭᠤᠳᠤᠨ᠎ᠠ᠃ ᠡᠭᠦᠨ ᠤ ᠬᠠᠮᠲᠤ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ 5 ᠲᠡᠷᠭᠡ ᠰᠢᠯᠵᠢᠭᠦᠯᠦᠨ ᠴᠤᠭᠯᠠᠭᠤᠯᠵᠤ᠂ ᠭᠤᠯᠭᠤᠭᠤᠷ ᠬᠡᠯᠬᠢᠶ᠎ᠡ᠂ ᠲᠡᠮᠦᠷ ᠬᠦᠷᠵᠡ᠂ | ᠲᠥᠬᠦᠮ ᠭᠤᠯᠢᠷ᠂ ᠬᠠᠯᠠᠭᠤᠨ ᠤᠰᠤ ᠵᠡᠷᠭᠡ ᠡᠳ᠋ ᠪᠣᠳᠠᠰ ᠢ ᠠᠪᠴᠤ ᠶᠠᠪᠠᠭᠠᠨ ᠢᠶᠠᠷ ᠬᠠᠰᠢᠭᠳᠠᠭᠰᠠᠨ ᠣᠷᠣᠨ ᠳᠤ | ᠣᠴᠢᠪᠠ᠃ ᠬᠤᠸᠠᠳᠧ ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ 2 ᠭᠠᠯ ᠤᠨᠲᠠᠷᠠᠭᠠᠬᠤ | ᠲᠡᠷᠭᠡ᠂ 15 ᠵᠢᠯᠣᠭᠤᠳᠤᠭᠴᠢ ᠪᠠᠶᠢᠯᠳᠤᠭᠴᠢ ᠬᠥᠳᠡᠯᠭᠡᠵᠦ᠂ ᠬᠡᠰᠡᠭ ᠮᠥᠷᠭᠦᠵᠦ ᠳᠦᠷᠰᠦ ᠬᠤᠪᠢᠷᠠᠭᠰᠠᠨ ᠠᠴᠠ ᠪᠣᠯᠵᠤ | ᠲᠡᠷᠭᠡᠨ ᠡᠭᠦᠳᠡ ᠪᠠᠨ ᠨᠡᠭᠡᠭᠡᠵᠦ ᠳᠡᠶᠢᠯᠬᠦ ᠦᠭᠡᠢ ᠲᠡᠷᠭᠡ ᠶᠢ ᠡᠪᠳᠡᠨ ᠨᠤᠷᠠᠭᠠᠪᠠ᠃ ᠬᠤᠸᠠᠳᠧ ᠰᠢᠶᠠᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠴᠠᠰᠤ ᠠᠷᠢᠯᠭᠠᠬᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ | ᠡᠬᠢᠯᠡᠭᠦᠯᠵᠦ᠂ 10 ᠠᠴᠢᠶᠠᠯᠠᠬᠤ ᠮᠠᠰᠢᠨ᠂ 8 ᠴᠠᠰᠤ ᠦᠯᠢᠶᠡᠬᠦ ᠲᠡᠷᠭᠡ ᠶᠢ ᠰᠢᠯᠵᠢᠭᠦᠯᠦᠨ ᠴᠤᠭᠯᠠᠭᠤᠯᠵᠤ᠂ ︽ᠮᠧᠬᠠᠨᠢᠭ | ᠬᠥᠮᠦᠨ ᠤ ᠬᠦᠴᠦᠨ︾ ᠤ ᠵᠠᠭᠪᠤᠷ ᠢᠶᠠᠷ ᠭᠤᠤᠯᠳᠠᠯᠭ᠎ᠠ ᠲᠠᠢ ᠵᠠᠮ ᠤᠨ ᠬᠡᠰᠡᠭ ᠲᠤ ᠲᠠᠰᠤᠷᠠᠯᠲᠠ ᠥᠬᠡᠶ ᠴᠠᠰᠤ | ᠠᠷᠢᠯᠭᠠᠪᠠ᠃ | 13 ᠤ ᠡᠳᠦᠷ ᠤᠨ 10 ᠴᠠᠭ ᠤᠨ ᠦᠶ᠎ᠡ ᠪᠣᠯᠲᠠᠯ᠎ᠠ᠂ ᠠᠪᠤᠷᠠᠨ ᠲᠤᠰᠠᠯᠠᠬᠤ ᠠᠵᠢᠯ ᠨᠢᠭᠡᠨᠲᠡ ᠪᠦᠬᠦᠨ ᠢᠶᠠᠷ ᠢᠶᠠᠨ | ᠳᠠᠭᠤᠰᠴᠤ᠂ ᠨᠡᠶᠢᠲᠡ 69 ᠲᠡᠷᠭᠡ᠂ 131 ᠬᠥᠮᠦᠨ ᠢ ᠠᠪᠤᠷᠠᠨ ᠲᠤᠰᠠᠯᠠᠵᠤ᠂ ᠬᠥᠮᠦᠨ ᠬᠠᠷ᠎ᠠ ᠦᠬᠦᠵᠦ | ᠰᠢᠷᠬᠠᠲᠤᠭᠰᠠᠨ ᠦᠭᠡᠢ ᠪᠠᠶᠢᠵᠤ᠂ ᠵᠠᠮ ᠮᠥᠨ ᠬᠦ ᠵᠠᠪᠳᠤᠨ ᠨᠡᠪᠲᠡᠷᠡᠭᠦᠯᠵᠦ ᠪᠠᠶᠢᠨ᠎ᠠ᠃ ᠲᠣᠰ ᠤᠳᠠᠭᠠᠨ ᠤ ᠠᠪᠤᠷᠠᠨ | ᠲᠤᠰᠠᠯᠠᠬᠤ ᠠᠵᠢᠯᠯᠠᠭ᠎ᠠ ᠨᠢ ︽ᠲᠦᠷᠭᠡᠨ ᠳᠠᠭᠠᠵᠤ᠂ ᠬᠠᠮᠵᠢᠯᠴᠠᠨ ᠪᠠᠶᠢᠯᠳᠤᠬᠤ︾ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠬᠤᠸᠠᠳᠧ ᠰᠢᠶᠠᠨ ᠣᠨᠴᠠᠭᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠭᠤᠣᠯᠳᠠᠯᠭ᠎ᠠ ᠲᠠᠢ ᠵᠠᠮ ᠤᠨ ᠬᠡᠰᠡᠭ ᠢ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠤᠯᠠᠨ ᠲᠦᠮᠡᠨ ᠤ ᠶᠠᠪᠤᠵᠤ | ᠰᠠᠭᠤᠬᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ᠵᠠᠮ ᠬᠠᠷᠢᠯᠴᠠᠭ᠎ᠠ ᠪᠠ ᠴᠠᠭ ᠠᠭᠤᠷ ᠤᠨ ᠰᠠᠯᠠᠭ᠎ᠠ ᠮᠥᠴᠢᠷ ᠤᠨ ᠰᠠᠨᠠᠭᠤᠯᠤᠭᠰᠠᠨ ᠨᠢ᠂ ᠢᠷᠡᠬᠦ 3 ᠡᠳᠦᠷ | ᠬᠤᠸᠠᠳᠧ ᠰᠢᠶᠠᠨ ᠳᠤ ᠮᠥᠨ 4 - 5 ᠲᠡᠰ ᠤᠨ ᠪᠠᠷᠠᠭᠤᠨ ᠬᠤᠶᠢᠲᠤ ᠣᠷᠣᠨ ᠤ ᠰᠠᠯᠬᠢᠯᠠᠵᠤ᠂ ᠠᠭᠠᠷ ᠤᠨ ᠳᠤᠯᠠᠭᠠᠨ | ᠳᠣᠷᠣᠭᠰᠢᠯᠠᠭᠠᠳ 8 ᠭᠷᠠᠳᠦ᠋ᠰ ᠪᠣᠯᠵᠤ᠂ ᠵᠢᠯᠣᠭᠤᠴᠢ ᠵᠠᠮ ᠤᠨ ᠪᠠᠶᠢᠳᠠᠯ ᠤᠨ ᠮᠡᠳᠡᠭᠡ ᠵᠠᠩᠭᠢ ᠶᠢ ᠨᠢᠭᠲᠠ ᠠᠩᠬᠠᠷᠴᠤ᠂ | ᠰᠥᠨᠢ ᠪᠠᠷ ᠲᠡᠷᠭᠡ ᠶᠠᠪᠤᠬᠤ ᠠᠴᠠ ᠵᠠᠶᠢᠯᠠᠰᠬᠢᠵᠦ᠂ ᠠᠮᠠᠷᠬᠠᠨ ᠬᠤᠷᠠᠭᠰᠠᠨ ᠴᠠᠰᠤ ᠲᠠᠢ ᠵᠠᠮ ᠤᠨ ᠬᠡᠰᠡᠭ ᠢ ᠥᠩᠭᠡᠷᠡᠬᠦ | ᠦᠶ᠎ᠡ ᠳᠤ ᠡᠷᠬᠡᠪᠰᠢ ᠬᠤᠷᠳᠤᠴᠠ ᠪᠠᠨ ᠪᠠᠭᠠᠰᠬᠠᠵᠤ ᠤᠳᠠᠭᠠᠨ ᠶᠠᠪᠤᠬᠤ ᠬᠡᠷᠡᠭᠲᠡᠶ ᠭᠡᠪᠡ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |