ᠶᠡᠷᠦᠩᠬᠡᠢ ᠱᠦᠵᠢ ᠰᠢ ᠶᠢᠨ ᠫᠢᠩ ᠤᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠪᠠ ︽ᠭᠤᠷᠪᠠᠨ ᠤᠮᠠᠷᠠᠲᠤ︾ ᠶᠢᠨ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠤᠸᠠᠳᠧ ᠰᠢᠶᠠᠨ ᠤᠷᠢᠳᠴᠢᠯᠠᠨ ᠲᠥᠯᠥᠪᠵᠢᠭᠦᠯᠵᠦ᠂ ᠡᠷᠲᠡ ᠠᠴᠠ ᠪᠡᠯᠡᠳᠬᠡᠵᠦ᠂ | ᠬᠥᠯᠳᠡᠭᠡᠭᠰᠡᠨ ᠤ ᠳᠠᠷᠤᠢ ᠬᠥᠳᠡᠯᠦᠯᠴᠡᠬᠦ᠂ ᠬᠠᠪᠤᠷ ᠤᠨ ᠡᠬᠢ ᠪᠠᠷ ᠠᠵᠢᠯ ᠡᠬᠢᠯᠡᠭᠦᠯᠬᠦ ᠶᠢ ᠪᠠᠲᠤᠯᠠᠵᠤ᠂ 2025 | ᠣᠨ ᠤ ᠤᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠦᠬᠦ | ᠲᠠᠯ᠎ᠠ ᠪᠠᠷ ᠡᠬᠢᠯᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠᠶᠢᠯᠳᠤᠭᠠᠨ ᠤ ᠪᠦᠷᠢᠶ᠎ᠡ ᠶᠢ ᠳᠠᠬᠢᠨᠲᠠ | ᠬᠠᠩᠭᠢᠨᠠᠭᠤᠯᠵᠤ᠂ ᠪᠣᠬᠢᠷᠲᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨᠬᠦ | ᠪᠠᠬᠢᠵᠢᠭᠦᠯᠬᠦ ᠶᠢᠨ ᠲᠥᠯᠥᠭᠡ 3 ᠰᠠᠷ᠎ᠠ ᠶᠢᠨ 14 ᠤ ᠡᠳᠦᠷ ᠠᠴᠠ ᠡᠬᠢᠯᠡᠨ᠂ ︽ᠭᠤᠷᠪᠠᠨ ᠤᠮᠠᠷᠠᠲᠤ︾ ᠶᠢᠨ | ᠢᠨᠵᠧᠨᠧᠷᠢᠩ ᠤᠨ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ | ᠲᠥᠷᠥᠯ ᠵᠦᠶ᠋ᠯ ᠤᠨ ᠪᠠᠷᠢᠯᠭ᠎ᠠ ᠶᠢᠨ ᠠᠩᠭᠢ ᠠᠯᠬᠤᠮ ᠠᠯᠬᠤᠮ ᠢᠶᠠᠷ ᠲᠠᠯᠠᠪᠠᠶ ᠳᠤ ᠣᠷᠣᠵᠤ᠂ ᠣᠲᠣ ᠪᠣᠯᠲᠠᠯ᠎ᠠ᠂ 14 | ᠪᠠᠷᠢᠯᠭ᠎ᠠ ᠶᠢᠨ ᠠᠩᠭᠢ ᠭᠤᠤᠷᠰᠤ ᠶᠢ ᠲᠡᠭᠰᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠢᠭᠡᠨᠲᠡ 2.4 | ᠲᠦᠮᠡᠨ ᠮᠥ ᠬᠠᠷᠭᠠᠨ᠎ᠠ ᠶᠢ ᠲᠡᠭᠰᠢᠯᠡᠨ ᠵᠠᠰᠠᠵᠤ᠂ 3.9 ᠲᠦᠮᠡᠨ ᠮᠥ ᠶᠢ ᠬᠦᠷᠢᠶᠡᠯᠡᠨ ᠪᠢᠲᠡᠭᠦᠮᠵᠢᠯᠡᠪᠡ᠃ | | | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠨ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠵᠢᠷᠤᠮᠵᠢᠭᠤᠯᠬᠤ ᠶᠢᠨ ᠲᠤᠰᠠᠳᠠ᠂ ᠲᠥᠷᠥᠯ ᠵᠦᠢᠯ ᠳᠤ ︽ᠬᠠᠤᠯᠢ ᠶᠢᠨ ᠡᠷᠬᠡᠲᠡᠨ ᠤ ᠳᠦᠷᠢᠮ︾᠂ | ︽ᠳᠠᠭᠠᠭᠠᠴᠢᠯᠠᠯᠲᠠ ᠵᠠᠷᠯᠠᠬᠤ ᠳᠦᠷᠢᠮ︾᠂ ︽ᠬᠢᠨᠠᠨ ᠬᠠᠮᠢᠶᠠᠷᠬᠤ ᠳᠦᠷᠢᠮ︾ ᠢ ᠨᠠᠶᠢᠳᠠᠪᠤᠷᠢᠵᠢᠭᠤᠯᠤᠨ᠎ᠠ᠃ ᠣᠶ ᠰᠢᠭᠤᠶ | ᠨᠤᠲᠤᠭ ᠪᠡᠯᠴᠢᠭᠡᠷ ᠤᠨ ᠲᠣᠪᠴᠢᠶ᠎ᠠ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ᠂ ᠬᠢᠨᠠᠨ ᠬᠠᠮᠢᠶᠠᠷᠬᠤ᠂ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠲᠠᠢ ᠬᠠᠮᠲᠤᠷᠠᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠬᠠᠷᠭᠠᠨ᠎ᠠ ᠶᠢᠨ ᠭᠤᠤᠷᠰᠦ ᠶᠢ ᠳᠡᠭᠰᠢᠯᠡᠬᠦ ᠠᠵᠢᠯ ᠢ | ᠵᠢᠯᠣᠭᠤᠳᠪᠠ᠃ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠴᠠᠭ ᠲᠤᠬᠠᠶ ᠳᠤᠨᠢ | ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠪᠠᠷᠢᠯᠭ᠎ᠠ ᠪᠠᠷᠢᠬᠤ ᠠᠵᠤ ᠠᠬᠤᠶᠢᠯᠠᠯ ᠢ ᠰᠢᠮᠳᠠᠭᠤᠯᠵᠤ | ᠪᠠᠶᠢᠭᠠᠳ ︽ᠵᠢᠷᠤᠭ ᠲᠥᠯᠥᠪᠯᠡᠭᠡ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠥᠷᠨᠢᠭᠦᠯᠦᠨ᠎ᠡ᠃ | ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠭᠦᠯᠬᠦ ᠶᠢ ᠳᠠᠭᠠᠯᠳᠤᠨ᠂ ᠬᠤᠸᠠᠳᠧ ᠰᠢᠶᠠᠨ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠦᠷᠭᠦᠯᠵᠢᠯᠡᠨ ᠭᠤᠶᠢᠪᠢᠰᠢ ᠦᠭᠡᠢ ᠵᠠᠮᠨᠠᠵᠤ᠂ | ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠪᠣᠯᠤᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠣᠯᠤᠨ | ᠲᠡᠦᠬᠡ ᠶᠢᠨ ᠬᠦᠨᠳᠦ ᠡᠭᠦᠷᠭᠡ ᠶᠢ ᠡᠷᠡᠰ ᠡᠭᠦᠷᠭᠡᠯᠡᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠬᠦ ᠳᠠᠶᠢᠯᠠᠯᠳᠤᠭᠠᠨ ᠤ | ᠢᠯᠠᠯᠲᠠ ᠶᠢ ᠣᠯᠵᠤ᠂ ᠡᠬᠡ ᠤᠯᠤᠰ ᠤᠨ ᠤᠮᠠᠷᠠᠲᠤ ᠶᠢᠨ ᠪᠣᠬᠢᠷᠲᠤᠯ ᠦᠭᠡᠢ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠨ᠎ᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ |