ᠡᠨᠡ ᠵᠢᠯ ᠠᠴᠠ ᠨᠠᠰᠢ᠂ ᠮᠠᠨ ᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ ᠦᠵᠡᠭᠦᠯᠬᠦ | ᠵᠡᠷᠭᠡ ᠬᠠᠷᠠᠯᠲᠠ ᠶᠢᠨ ᠲᠣᠭᠤᠷᠢᠨ ᠳᠤ᠂ ᠠᠵᠤ ᠠᠬᠤᠶᠢᠯᠠᠯ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ | ᠠᠩᠬᠠᠷᠴᠤ᠂ ︽ᠢᠨᠢᠶᠡᠮᠰᠦᠭᠯᠡᠨ ᠭᠦᠢᠴᠡᠳᠭᠡᠬᠦ᠂ ᠳᠠᠷᠦ᠋ᠢᠬᠠᠨ ᠭᠦᠢᠴᠡᠳᠭᠡᠬᠦ᠂ ᠪᠥᠬᠦ ᠶᠠᠪᠤᠴᠠ ᠪᠠᠷ ᠭᠦᠢᠴᠡᠳᠭᠡᠬᠦ᠂ | ᠥᠨᠳᠥᠷ ᠪᠦᠲᠦᠮᠵᠢᠲᠡᠶ ᠪᠠᠷ ᠭᠦᠢᠴᠡᠳᠭᠡᠬᠦ᠂ ᠰᠡᠳᠬᠢᠯ ᠳᠤᠯᠠᠭᠠᠬᠠᠨ ᠭᠦᠢᠴᠡᠳᠭᠡᠬᠦ᠂ ᠰᠠᠨᠠᠭ᠎ᠠ ᠠᠮᠤᠷ ᠭᠦᠢᠴᠡᠳᠭᠡᠬᠦ︾ ︽ | ᠵᠢᠷᠭᠤᠭ᠎ᠠ ᠶᠢ ᠭᠦᠢᠴᠡᠳᠭᠡᠬᠦ︾ ᠦᠢᠯᠡᠴᠢᠯᠡᠭᠡᠨ ᠤ ᠪᠠᠷᠢᠮᠵᠢᠶ᠎ᠠ ᠪᠠᠷ ᠰᠦᠢᠳᠭᠡᠯ ᠬᠤᠷᠢᠶᠠᠬᠤ ᠥᠬᠡᠶ ᠪᠠᠷ ᠲᠠᠮᠠᠭ᠎ᠠ ᠰᠡᠶᠢᠯᠬᠦ᠂ | ᠰᠦᠢᠳᠭᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠬᠦ᠂ ᠰᠦᠢᠳᠭᠡᠯ ᠬᠤᠷᠢᠶᠠᠬᠤ ᠥᠬᠡᠶ ᠪᠠᠷ ᠳᠠᠷᠤᠮᠠᠯᠯᠠᠬᠤ ᠪᠠ ᠪᠥᠬᠦ | ᠶᠠᠪᠤᠴᠠ ᠳᠤ ︽ᠭᠤᠷᠪᠠ ᠶᠢ ᠬᠡᠯᠲᠦᠷᠢᠭᠦᠯᠵᠦ ᠨᠢᠭᠡ ᠶᠢ ᠬᠠᠪᠰᠤᠷᠬᠤ︾ ᠦᠢᠯᠡᠴᠢᠯᠡᠭᠡ ᠶᠢ ᠬᠡᠷᠡᠭᠵᠢᠭᠦᠯᠵᠦ᠂ ︽ | ᠦᠢᠯᠡᠴᠢᠯᠡᠭᠡ ᠨᠢ ᠬᠠᠶᠢᠷ᠎ᠠ ᠬᠠᠯᠠᠮᠵᠢ ᠲᠠᠢ᠂ ᠠᠵᠢᠯ ᠬᠡᠷᠡᠭ ᠭᠦᠢᠴᠡᠳᠭᠡᠬᠦ ᠳᠤ ᠬᠤᠷᠳᠤᠴᠠ ᠲᠠᠢ︾ ︽ᠮᠣᠷᠠᠯ ᠢᠶᠠᠷ | ᠭᠦᠢᠴᠡᠳᠭᠡᠬᠦ︾ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠠᠵᠤ ᠠᠬᠤᠶᠢᠯᠠᠯ ᠪᠠ | ᠣᠯᠠᠨ ᠲᠦᠮᠡᠨ ᠤ ᠠᠵᠢᠯ ᠬᠡᠷᠡᠭ ᠭᠦᠢᠴᠡᠳᠭᠡᠬᠦ ᠳᠤ ᠨᠠᠩ ᠲᠠᠭᠠᠯᠠᠮᠵᠢᠲᠠᠶ᠂ ᠨᠠᠩ ᠳᠥᠭᠦᠮ ᠳᠥᠲᠡ᠂ ᠨᠠᠩ ᠬᠠᠨᠤᠮᠵᠢᠲᠠᠶ | ᠪᠣᠯᠭᠠᠨ᠎ᠠ᠃ | | ᠦᠨ᠎ᠡ ᠲᠥᠯᠥᠪᠦᠷᠢ ᠦᠭᠡᠢ ᠪᠠᠷ ᠳᠠᠷᠤᠮᠠᠯᠯᠠᠵᠤ᠂ ᠣᠯᠠᠨ ᠲᠦᠮᠡᠨ ᠢ ᠨᠡᠩ ᠴᠠᠭ ᠠᠷᠪᠢᠯᠠᠭᠤᠯᠤᠨᠠ | ᠰᠢᠶᠠᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠲᠤᠬᠠᠶᠢᠯᠠᠭᠰᠠᠨ ᠠᠵᠢᠯ ᠭᠦᠢᠴᠡᠳᠬᠡᠵᠦ ᠪᠠᠶᠢᠭ᠎ᠠ ᠠᠵᠤ | ᠠᠬᠤᠶᠢᠯᠠᠯ᠂ ᠤᠯᠠᠨ ᠲᠦᠮᠡᠨ ᠬᠤᠯᠪᠣᠭᠳᠠᠯ ᠪᠦᠬᠦᠢ ᠮᠠᠲ᠋ᠧᠷᠢᠶᠠᠯ ᠪᠤᠶᠤ ᠳᠠᠷᠤᠮᠠᠯᠯᠠᠭᠰᠠᠨ ᠦᠨᠡᠮᠯᠡᠯ ᠢ ᠬᠠᠩᠭᠠᠬᠤ | ᠱᠠᠭᠠᠷᠳᠠᠯᠭ᠎ᠠ ᠲᠠᠢ ᠪᠣᠯ ᠶᠡᠭᠡ ᠲᠢᠩᠬᠢᠮ ᠳᠤ ᠰᠦᠢᠳᠬᠡᠯ ᠬᠤᠷᠢᠶᠠᠬᠤ ᠦᠭᠡᠢ ᠪᠠᠷ ᠳᠠᠷᠤᠮᠠᠯᠯᠠᠬᠤ ᠪᠤᠶᠤ ᠳᠠᠷᠤᠮᠠᠯᠯᠠᠵᠤ | ᠪᠣᠯᠤᠨ᠎ᠠ᠃ 2025 ᠣᠨ ᠤ ᠨᠢᠭᠡᠳᠦᠭᠡᠷ ᠤᠯᠠᠷᠢᠯ ᠳᠤ ᠣᠯᠠᠨ ᠲᠦᠮᠡᠨ ᠳᠤ ᠡᠯ᠎ᠡ ᠲᠥᠷᠥᠯ ᠤᠨ ᠮᠠᠲ᠋ᠧᠷᠢᠶᠠᠯ ᠢ ᠰᠦᠢᠳᠬᠡᠯ | ᠬᠤᠷᠢᠶᠠᠬᠤ ᠥᠬᠡᠶ ᠪᠠᠷ 3000 ᠳᠠᠷᠤᠮᠯᠠᠨ ᠳᠠᠷᠤᠮᠠᠯᠯᠠᠵᠤ᠂ ᠣᠯᠠᠨ ᠲᠦᠮᠡᠨ ᠤ ᠨᠠᠰᠢ ᠴᠠᠰᠢ ᠭᠦᠶᠦᠯᠭᠡᠬᠦ ᠠᠴᠠ | ᠵᠠᠶᠢᠯᠠᠰᠬᠢᠭᠰᠡᠨ ᠪᠥᠭᠡᠳ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠠᠷᠪᠢᠯᠠᠵᠤ᠂ ᠣᠯᠠᠨ ᠲᠦᠮᠡᠨ ᠤ ᠠᠵᠢᠯ | ᠶᠠᠪᠤᠳᠠᠯ ᠭᠦᠢᠴᠡᠳᠭᠡᠬᠦ ᠳᠤ ᠨᠠᠩ ᠴᠠᠭ ᠠᠷᠪᠢᠯᠠᠬᠤ ᠪᠣᠯᠭᠠᠪᠠ᠃ | ᠲᠠᠮᠠᠭ᠎ᠠ ᠲᠦᠯᠦᠪᠤᠷᠢ ᠦᠭᠡᠢ ᠪᠠᠷ ᠰᠡᠶᠢᠯᠵᠤ᠂ ᠤᠯᠠᠨ ᠲᠦᠮᠡᠨ ᠢ ᠨᠡᠩ ᠢᠯᠡᠭᠦᠦ ᠵᠤᠭᠤᠰ ᠠᠷᠪᠢᠯᠠᠭᠤᠯᠤᠨᠠ | ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠲᠣᠪᠴᠢᠶ᠎ᠠ ᠨᠢ ᠰᠢᠶᠠᠨ ᠤ ᠲᠠᠷᠢᠶᠠᠯᠠᠩ ᠤᠨ ᠪᠠᠩᠬᠢ | ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠲᠠᠢ ᠬᠠᠮᠲᠤᠷᠠᠨ ᠠᠵᠢᠯᠯᠠᠬᠤ ᠬᠡᠯᠡᠯᠴᠡᠭᠡᠷ ᠲᠣᠭᠲᠠᠵᠤ᠂ ᠰᠢᠨ᠎ᠡ ᠪᠠᠷ ᠳᠠᠩᠰᠠᠯᠠᠨ | ᠲᠡᠮᠳᠡᠭᠯᠡᠬᠦ ᠵᠠᠬ᠎ᠠ ᠳᠡᠯᠭᠡᠭᠦᠷ ᠤᠨ ᠭᠤᠣᠯ ᠴᠣᠭᠴᠠ ᠨᠢ ᠳᠡᠭᠡᠷ᠎ᠡ ᠳᠤᠷᠠᠳᠤᠭᠰᠠᠨ ᠪᠠᠩᠬᠢ ᠳᠤ ᠲᠠᠮᠠᠭ᠎ᠠ ᠳᠠᠷᠤᠵᠤ ᠦᠨ᠎ᠡ | ᠲᠥᠯᠥᠪᠦᠷᠢ ᠦᠭᠡᠢ ᠪᠠᠷ ᠰᠡᠶᠢᠯᠦᠨ ᠵᠣᠬᠢᠶᠠᠬᠤ ᠦᠢᠯᠡᠴᠢᠯᠡᠭᠡ ᠬᠦᠷᠲᠡᠵᠦ ᠪᠣᠯᠤᠨ᠎ᠠ᠃ 2025 ᠣᠨ ᠤ ᠨᠢᠭᠡᠳᠦᠭᠡᠷ | ᠤᠯᠠᠷᠢᠯ ᠳᠤ ᠨᠡᠶᠢᠲᠡ 32 ᠢᠵᠢ ᠲᠠᠮᠠᠭ᠎ᠠ ᠰᠡᠶᠢᠯᠵᠦ᠂ 1.6 ᠲᠦᠮᠡᠨ ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠪᠠ᠃ | | ᠰᠦᠢᠳᠭᠡᠯ ᠬᠤᠷᠢᠶᠠᠬᠤ ᠦᠭᠡᠢ ᠪᠠᠷ ᠭᠡᠷᠡᠴᠢ ᠦᠨᠡᠮᠯᠡᠯ ᠢᠯᠡᠭᠡᠵᠦ᠂ ᠤᠯᠠᠨ ᠲᠦᠮᠡᠨ ᠢ ᠨᠡᠩ ᠲᠦᠬᠦᠮ ᠪᠤᠯᠭᠠᠬᠤ | ᠬᠡᠷᠡᠭᠲᠡᠢ | ︽ᠲᠤᠬᠠᠶ ᠶᠢᠨ ᠲᠠᠯᠠᠪᠤᠷ ᠲᠤ ᠠᠪᠬᠤ︾ ᠶᠢ ︽ᠬᠡᠷ ᠲᠤᠨᠢ ᠬᠦᠷᠭᠡᠵᠦ ᠬᠦᠷᠭᠡᠬᠦ︾ ᠪᠣᠯᠭᠠᠨ ᠬᠤᠪᠢᠷᠠᠭᠤᠯᠵᠤ᠂ ︽ | ᠣᠯᠠᠨ ᠲᠦᠮᠡᠨ ᠭᠦᠶᠦᠬᠦ︾ ᠪᠠᠶᠢᠭᠰᠠᠨ ᠠᠴᠠ ︽ᠲᠦᠷᠭᠡᠨ ᠬᠦᠷᠭᠡᠯᠲᠡ︾ ᠪᠣᠯᠭᠠᠨ ᠬᠤᠪᠢᠷᠠᠭᠤᠯᠵᠤ᠂ ᠮᠠᠨ ᠤ ᠰᠢᠶᠠᠨ ᠤ | ᠵᠠᠰᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠬᠡᠷᠡᠭᠴᠡᠭᠡ ᠲᠠᠢ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ᠂ ᠣᠯᠠᠨ | ᠲᠦᠮᠡᠨ ᠤ ᠰᠦᠶ᠋ᠳᠬᠡᠯ ᠬᠤᠷᠢᠶᠠᠬᠤ ᠥᠬᠡᠶ ᠪᠠᠷ ᠦᠨᠡᠮᠯᠡᠯ᠂ ᠮᠠᠲ᠋ᠧᠷᠢᠶᠠᠯ ᠢ ᠰᠢᠤᠳᠠᠨ ᠢᠶᠠᠷ ᠢᠯᠡᠭᠡᠵᠦ᠂ ᠠᠵᠢᠯ ᠶᠠᠪᠤᠳᠠᠯ | ᠭᠦᠶ᠋ᠴᠡᠳᠬᠡᠬᠦ ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠰᠢᠤᠳᠠᠨ ᠢᠶᠠᠷ ᠢᠯᠡᠭᠡᠬᠦ ᠵᠠᠷᠤᠳᠠᠯ ᠢ ᠴᠥᠮ ᠵᠠᠰᠠᠭ ᠤᠨ ᠲᠤᠭ᠎ᠠ | ᠪᠠᠷᠢᠮᠲᠠ ᠶᠢᠨ ᠲᠣᠪᠴᠢᠶ᠎ᠠ ᠠᠴᠠ ᠬᠤᠳᠠᠯᠳᠤᠨ ᠠᠪᠴᠤ᠂ ᠣᠯᠠᠨ ᠲᠦᠮᠡᠨ ᠬᠡᠷ ᠠᠴᠠ ᠪᠠᠨ ᠭᠠᠷᠬᠤ ᠥᠬᠡᠶ ᠪᠠᠷ ᠦᠨᠡᠮᠯᠡᠯ | ᠣᠯᠵᠤ ᠪᠣᠯᠤᠨ᠎ᠠ᠃ 2025 ᠣᠨ ᠤ ᠨᠢᠭᠡᠳᠦᠭᠡᠷ ᠤᠯᠠᠷᠢᠯ ᠳᠤ 2 ᠠᠵᠤ ᠠᠬᠤᠶᠢᠯᠠᠯ ᠳᠤ ᠰᠦᠢᠳᠬᠡᠯ ᠬᠤᠷᠢᠶᠠᠬᠤ | ᠥᠬᠡᠶ ᠪᠠᠷ ᠢᠯᠡᠭᠡᠪᠡ᠃ | ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠶ᠋ᠯᠡᠴᠢᠯᠡᠭᠡ ᠨᠢ ᠣᠯᠠᠨ ᠲᠦᠮᠡᠨ ᠢ ᠨᠠᠩ ᠰᠠᠨᠠᠭ᠎ᠠ ᠠᠮᠤᠷ | ᠪᠣᠯᠭᠠᠨ᠎ᠠ | ︽ᠣᠯᠠᠨ ᠲᠦᠮᠡᠨ ᠡᠷᠢᠬᠦ︾ ᠶᠢ ︽ᠰᠠᠨᠠᠭᠠᠴᠢᠯᠠᠭ᠎ᠠ ᠠᠴᠠ ᠪᠠᠨ ᠬᠠᠪᠰᠤᠷᠬᠤ︾ ᠪᠣᠯᠭᠠᠨ ᠬᠤᠪᠢᠷᠠᠭᠤᠯᠵᠤ᠂ ᠠᠵᠤ | ᠠᠬᠤᠶᠢᠯᠠᠯ ᠪᠠ ᠣᠯᠠᠨ ᠲᠦᠮᠡᠨ ᠳᠤ ᠮᠡᠳᠡᠭᠡ ᠵᠠᠩᠭᠢ ᠶᠢᠨ ᠯᠠᠪᠯᠠᠭ᠎ᠠ ᠬᠠᠩᠭᠠᠬᠤ᠂ ᠨᠠᠷᠢᠯᠢᠭ ᠣᠨᠣᠴᠠᠲᠠᠶ ᠪᠠᠷ ᠬᠥᠲᠥᠯᠦᠨ | ᠵᠢᠯᠣᠭᠤᠳᠬᠤ ᠦᠢᠯᠡᠴᠢᠯᠡᠭᠡ᠂ ᠪᠥᠬᠦ ᠶᠠᠪᠤᠴᠠ ᠳᠤ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠵᠡᠷᠭᠡ | ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠬᠠᠪᠰᠤᠷᠤᠨ ᠭᠦᠢᠴᠡᠳᠬᠡᠬᠦ ᠴᠣᠩᠬᠤ᠂ ᠬᠥᠲᠥᠯᠥᠨ | ᠵᠢᠯᠤᠭᠤᠳᠬᠤ ᠲᠠᠪᠴᠠᠩ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠭᠠᠷᠭᠠᠵᠤ᠂ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠦᠨ᠂ 2 ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠠᠵᠢᠯᠲᠠᠨ᠂ 1 ᠵᠠᠮᠴᠢᠯᠠᠭᠴᠢ᠂ 2 ᠠᠰᠠᠭᠤᠨ ᠯᠠᠪᠯᠠᠬᠤ ᠠᠵᠢᠯᠲᠠᠨ ᠢ ᠲᠣᠬᠢᠷᠠᠭᠤᠯᠤᠨ ᠨᠠᠷᠢᠯᠢᠭ | ᠣᠨᠣᠴᠠᠲᠠᠢ ᠪᠠᠷ ᠦᠢᠯᠡᠴᠢᠯᠡᠭᠦᠯᠦᠨ᠎ᠡ᠃ 2025 ᠣᠨ ᠤ ᠨᠢᠭᠡᠳᠦᠭᠡᠷ ᠤᠯᠠᠷᠢᠯ ᠳᠤ ᠣᠷᠣᠯᠠᠨ ᠭᠦᠶ᠋ᠴᠡᠳᠬᠡᠬᠦ | ᠦᠶ᠋ᠯᠡᠴᠢᠯᠡᠭᠡᠨ ᠤ ᠠᠵᠤ ᠠᠬᠤᠶᠢᠯᠠᠯ᠂ ᠣᠯᠠᠨ ᠲᠦᠮᠡᠨ 8000 ᠭᠠᠷᠤᠶ ᠤᠳᠠᠭ᠎ᠠ ᠬᠠᠪᠰᠤᠷᠤᠨ ᠭᠦᠶ᠋ᠴᠡᠳᠬᠡᠪᠡ᠃ | ︽ᠵᠢᠵᠢᠭ ᠴᠣᠩᠬᠤ ᠶᠢᠨ ᠠᠮᠠᠰᠠᠷ ᠤᠨ ᠦᠢᠯᠡᠴᠢᠯᠡᠭᠡ ᠠᠷᠠᠳ ᠤᠨ ᠠᠮᠢᠳᠤᠷᠠᠯ ᠤᠨ ᠵᠢᠵᠢᠭ ᠰᠠᠵᠢᠭ ᠵᠦᠢᠯ ᠢ | ᠳᠡᠭᠡᠭᠰᠢᠯᠡᠭᠦᠯᠬᠦ ︾ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠥᠪ ︽ᠦᠢᠯᠡᠴᠢᠯᠡᠭᠡ ᠨᠢ ᠳᠤᠯᠠᠭᠠᠬᠠᠨ᠂ ᠠᠵᠢᠯ ᠶᠠᠪᠤᠳᠠᠯ ᠭᠦᠢᠴᠡᠳᠭᠡᠬᠦ ᠨᠢ ᠬᠤᠷᠳᠤᠴᠠ ᠲᠠᠢ︾ ᠪᠠᠶᠢᠬᠤ | ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠬᠠᠮᠢᠶᠠᠷᠤᠯᠲᠠ ᠶᠢᠨ ᠲᠦᠷᠢᠮ ᠤᠨ ᠰᠢᠨ᠎ᠡ ᠶᠢ ᠡᠭᠦᠳᠬᠦ᠂ | ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ | ᠴᠤᠪᠤᠷᠠᠯ ᠨᠢ ᠳᠥᠭᠦᠮ᠂ ᠦᠷ᠎ᠡ ᠪᠦᠲᠦᠮᠵᠢ ᠨᠢ ᠲᠦᠷᠭᠡᠨ᠂ ᠦᠢᠯᠡᠴᠢᠯᠡᠭᠡ ᠨᠢ ᠰᠢᠯᠢᠳᠡᠭ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠰᠲ᠋ᠧᠮ ᠢ ᠴᠢᠷᠮᠠᠶᠢᠨ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ | ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠢᠴᠡᠳᠭᠡᠬᠦ ᠶᠢᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | | ᠢᠷᠡᠯᠲᠡ᠄ ᠬᠤᠸᠠᠳᠧ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ | ᠵᠣᠬᠢᠶᠠᠭᠴᠢ᠄ ᠬᠤᠸᠠᠳᠧ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ | ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ | ᠣᠷᠴᠢᠭᠤᠯᠤᠭᠴᠢ᠄ ᠭᠠᠩᠭ᠎ᠠ | |