ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠡᠭᠦᠷᠭᠡ ᠪᠠᠨ ᠲᠣᠳᠣᠷᠬᠠᠶ ᠪᠣᠯᠭᠠᠬᠤ ᠶᠢᠨ ᠲᠥᠯᠥᠭᠡ᠂ | ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠰᠢᠨ᠎ᠡ ᠥᠨᠳᠥᠷ ᠲᠦᠪᠰᠢᠨ ᠳᠤ ᠬᠦᠷᠬᠦ ᠶᠢ ᠦᠷᠭᠦᠯᠵᠢᠯᠡᠨ ᠠᠬᠢᠭᠤᠯᠤᠨ᠎ᠠ᠃ 4 ᠰᠠᠷ᠎ᠠ ᠶᠢᠨ 8 ᠤ ᠡᠳᠦᠷ | ᠂ ᠬᠤᠸᠠᠳᠧ ᠰᠢᠶᠠᠨ 2025 ᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠭᠤᠯᠪᠠ | ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ | ᠰᠢᠶᠠᠩ ᠶᠠᠩ ᠬᠤᠷᠠᠯ ᠳᠤ ᠣᠷᠣᠯᠴᠠᠪᠠ᠃ | | ᠬᠤᠷᠠᠯ ᠳᠡᠭᠡᠷ᠎ᠡ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠠᠬᠢᠭᠤᠯᠬᠤ ᠳᠤᠭᠤᠶᠢᠯᠠᠩ᠂ ᠬᠤᠳᠠᠯᠳᠤᠭᠠᠨ ᠤ | ᠶᠠᠪᠤᠳᠠᠯ ᠤᠨ ᠦᠨᠡᠨᠴᠢ ᠢᠲᠡᠭᠡᠮᠵᠢ ᠶᠢ ᠠᠬᠢᠭᠤᠯᠬᠤ ᠳᠤᠭᠤᠶᠢᠯᠠᠩ᠂ ᠨᠡᠶᠢᠭᠡᠮ ᠤᠨ ᠦᠨᠡᠨᠴᠢ ᠢᠲᠡᠭᠡᠮᠵᠢ ᠶᠢ ᠠᠬᠢᠭᠤᠯᠬᠤ | ᠳᠤᠭᠤᠶᠢᠯᠠᠩ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢ ᠠᠬᠢᠭᠤᠯᠬᠤ ᠳᠤᠭᠤᠶᠢᠯᠠᠩ ᠲᠠᠰ ᠳᠠᠷᠠᠭᠠᠯᠠᠨ | ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠠᠴᠠ᠂ ᠦᠵᠡᠯ ᠰᠠᠨᠠᠭ᠎ᠠ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠦᠷᠢᠮ ᠲᠣᠭᠲᠠᠴᠠ ᠶᠢ ᠦᠷᠭᠦᠯᠵᠢᠯᠡᠨ ᠰᠢᠯᠢᠳᠡᠭᠵᠢᠭᠦᠯᠵᠦ᠂ | ᠠᠵᠢᠯ ᠢ ᠠᠬᠢᠭᠤᠯᠬᠤ ᠬᠠᠮᠵᠢᠯᠴᠠᠬᠤ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠵᠤ᠂ ᠪᠣᠳᠠᠲᠠᠢ ᠠᠴᠠ ᠡᠭᠦᠰᠴᠦ᠂ | ᠤᠷᠢᠳᠴᠢᠯᠠᠨ ᠲᠥᠯᠥᠪᠵᠢᠭᠦᠯᠵᠦ᠂ ᠳᠠᠷᠤᠢ ᠲᠦᠷᠭᠡᠨ ᠬᠥᠳᠡᠯᠦᠯᠴᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ | ᠢᠨᠵᠧᠨᠧᠷᠢᠩ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨᠬᠦ ᠠᠬᠢᠭᠤᠯᠵᠤ᠂ ᠮᠠᠨ ᠤ ᠰᠢᠶᠠᠨ ᠤ ᠡᠨᠡ ᠵᠢᠯ ᠤᠨ ᠵᠠᠳᠠᠯᠤᠨ | ᠨᠠᠷᠢᠯᠢᠬᠵᠢᠭᠤᠯᠤᠭᠰᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠴᠠᠭ ᠲᠤᠬᠠᠢ ᠳᠤᠨᠢ | ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠤ᠂ ᠪᠣᠯᠪᠠᠰᠤᠨ ᠡᠶ᠎ᠡ ᠵᠣᠬᠢᠴᠠᠩᠭᠤᠢ ᠰᠢᠨ᠎ᠡ ᠬᠤᠸᠠᠳᠧ ᠶᠢ ᠪᠠᠶᠢᠭᠤᠯᠬᠤ ᠶᠢᠨ | ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | |