4 ᠰᠠᠷ᠎ᠠ ᠶᠢᠨ 9 ᠤ ᠡᠳᠦᠷ᠂ ᠤᠯᠤᠰ ᠲᠦᠷᠦ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠸᠠᠳᠧ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 15 ᠳ᠋ᠤᠭᠠᠷ ᠤᠳᠠᠭ᠎ᠠ ᠶᠢᠨ ᠬᠤᠷᠠᠯ ᠵᠢᠴᠢ ᠪᠠᠶᠢᠩᠭᠤ ᠶᠢᠨ | ᠬᠤᠷᠢᠶᠠᠨ ᠤ ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠶᠠᠩ ᠯᠢᠦ ᠬᠤᠷᠠᠯ ᠢ ᠡᠷᠭᠢᠯᠡᠪᠡ᠃ | | | ᠬᠤᠷᠠᠯ ᠠᠴᠠ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ | ᠬᠤᠷᠠᠯᠳᠤᠭᠤᠯᠵᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠠᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ᠂ | ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ︽︿ᠶᠡᠷᠦᠩᠬᠡᠶ ᠱᠦᠵᠢ ᠰᠢ ᠶᠢᠨ ᠫᠢᠩ ᠤᠨ | ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭᠠᠨ ᠤ ᠲᠦᠢᠮᠣ ᠣᠨᠣᠯ﹀ ᠢ ᠤᠯᠠᠮᠵᠢᠯᠠᠨ ᠲᠠᠷᠬᠠᠭᠠᠬᠤ ᠲᠤᠬᠠᠶ | ᠮᠡᠳᠡᠭᠳᠡᠯ︾ ᠢ ᠤᠯᠠᠮᠵᠢᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ ᠤᠨ ᠮᠡᠳᠡᠭᠳᠡᠯ︾ ᠢ ᠤᠯᠠᠮᠵᠢᠯᠠᠨ ᠰᠤᠷᠤᠯᠴᠠᠪᠠ᠃ ︽ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ︵ᠬᠡᠰᠡᠭ︶᠂ ᠶᠡᠷᠦᠩᠬᠡᠢ | ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ | 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ᠶᠢ ᠰᠤᠷᠤᠯᠴᠠᠪᠠ᠃ | ᠬᠤᠷᠠᠯ ᠠᠴᠠ ︽ᠤᠯᠤᠰ ᠲᠦᠷᠦ ᠶᠢᠨ ᠵᠥᠪᠯᠡᠯᠭᠡᠨ ᠤ ᠬᠤᠸᠠᠳᠧ ᠰᠢᠶᠠᠨ ᠤ ᠬᠤᠷᠢᠶ᠎ᠠ ᠶᠢᠨ 2025 ᠣᠨ ᠤ | ᠠᠵᠢᠯ ᠤᠨ ᠭᠤᠣᠯᠳᠠᠯᠭ᠎ᠠ ︵ᠲᠥᠰᠦᠯ︶︾᠂ ︽ᠤᠯᠤᠰ ᠲᠦᠷᠦ ᠶᠢᠨ ᠵᠥᠪᠯᠡᠯᠭᠡᠨ ᠤ ᠬᠤᠸᠠᠳᠧ ᠰᠢᠶᠠᠨ ᠤ ᠬᠤᠷᠢᠶ᠎ᠠ ᠶᠢᠨ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠮᠡᠳᠡᠭᠡ ᠵᠠᠩᠭᠢ ᠶᠢᠨ ᠠᠵᠢᠯ ᠤᠨ ᠠᠷᠭ᠎ᠠ ︵ᠲᠤᠷᠰᠢᠨ | ᠬᠡᠷᠡᠭᠵᠢᠭᠦᠯᠬᠦ︶︾ ᠶᠢ ᠶᠠᠷᠢᠯᠴᠠᠨ ᠬᠢᠨᠠᠨ ᠵᠥᠪᠯᠡᠵᠦ᠂ ︽ᠬᠤᠸᠠᠳᠧ ᠰᠢᠶᠠᠨ ᠤ 2025 ᠣᠨ ᠤ ᠤᠯᠤᠰ ᠲᠦᠷᠦ ᠶᠢᠨ | ᠵᠥᠪᠯᠡᠯᠭᠡᠨ ᠤ ᠵᠥᠪᠯᠡᠬᠦ ᠠᠵᠢᠯ ᠤᠨ ᠲᠥᠯᠥᠪᠯᠡᠭᠡ︾ ᠶᠢ ᠤᠯᠠᠮᠵᠢᠯᠠᠵᠤ᠂ ᠬᠤᠯᠪᠣᠭᠳᠠᠯ ᠪᠦᠬᠦᠢ ᠠᠵᠢᠯᠳᠠᠨ ᠤ ᠶᠠᠪᠤᠳᠠᠯ ᠤᠨ | ᠵᠦᠢᠯᠡᠰ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠠᠴᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠯᠤᠰ ᠲᠦᠷᠦ ᠶᠢᠨ ᠵᠥᠪᠯᠡᠯᠭᠡᠨ ᠤ ᠡᠭᠦᠷᠭᠡ | ᠴᠢᠳᠠᠪᠬᠢ ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ | ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ | ᠭᠦᠢᠴᠡᠳᠬᠡᠵᠦ᠂ ᠵᠥᠪᠯᠡᠬᠦ ᠠᠷᠠᠳᠴᠢᠯᠠᠯ ᠢ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠪᠦᠬᠦ ᠶᠠᠪᠤᠴᠠ ᠳᠤ | ᠲᠤᠭᠤᠰᠢᠯᠠᠭᠤᠯᠬᠤ ᠬᠡᠷᠡᠭᠲᠡᠢ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ | ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠭᠢᠯᠤᠮ᠎ᠠ | ᠬᠠᠯᠠᠭᠤᠨ ᠰᠡᠳᠬᠢᠯᠭᠡ ᠪᠠ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ ᠦᠷᠭᠦᠯᠵᠢᠯᠡᠨ ᠪᠠᠲᠤᠯᠠᠵᠤ᠂ ᠤᠯᠤᠰ | ᠲᠦᠷᠦ ᠶᠢᠨ ᠵᠥᠪᠯᠡᠯᠭᠡᠨ ᠤ ᠡᠯ᠎ᠡ ᠵᠦᠢᠯ ᠤᠨ ᠠᠵᠢᠯ ᠳᠤ ᠢᠳᠡᠪᠬᠢᠲᠡᠢ ᠣᠷᠣᠯᠴᠠᠵᠤ᠂ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠵᠦ᠂ ᠵᠣᠷᠢᠭᠲᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠢ᠃ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠲᠠᠢ | ᠤᠢᠢᠷᠠᠳᠴᠤ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠤᠯᠠᠨ ᠤ ᠬᠦᠴᠢᠷ | ᠵᠣᠪᠠᠭᠤᠷᠢ ᠶᠢ ᠦᠨᠡᠨ ᠬᠦ ᠰᠢᠢᠳᠪᠦᠷᠢᠯᠡᠵᠦ ᠥᠭᠬᠦ ᠬᠡᠷᠡᠭᠲᠡᠢ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠦᠨᠡᠨᠬᠦ ᠠᠳᠬᠤᠨ ᠪᠣᠳᠠᠲᠠᠢ | ᠠᠵᠢᠯᠯᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠤᠸᠠᠳᠧ ᠰᠢᠶᠠᠨ ᠤ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠯᠤᠰ ᠲᠦᠷᠦ ᠶᠢᠨ ᠵᠥᠪᠯᠡᠯᠭᠡᠨ ᠤ ᠤᠶᠤᠨ ᠤᠬᠠᠭᠠᠨ ᠪᠠ ᠬᠦᠴᠦᠨ | ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠪᠠᠶᠢᠩᠭᠤ ᠶᠢᠨ ᠭᠡᠰᠢᠭᠦᠳ | ᠬᠤᠷᠠᠯ ᠳᠤ ᠣᠷᠣᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠤᠨ ᠡᠷᠬᠢᠯᠡᠭᠴᠢ ᠬᠤᠷᠠᠯ ᠳᠤ | ᠰᠤᠯᠠ ᠣᠷᠣᠯᠴᠠᠪᠠ᠃ | | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠭᠠᠩᠭ᠎ᠠ | |