4 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ | ᠳᠠᠷᠤᠭ᠎ᠠ ᠳ᠋ᠢᠶᠤᠤ ᠴᠦᠨ ᠬᠠᠶ 2025 ᠣᠨ ᠤ ᠭᠤᠷᠪᠠᠳᠤᠭᠠᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠵᠢᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠡᠶᠢᠰᠯᠡᠯ ᠤᠨ ᠠᠯᠪᠠᠨ ᠵᠢᠷᠤᠮ ᠤᠨ ᠮᠣᠳᠣ ᠲᠠᠷᠢᠬᠤ | ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ | ᠤᠷᠤᠭᠰᠢᠯᠠᠶ᠎ᠠ︾᠂ ︽ᠰᠣᠶᠣᠯ ᠤᠨ ᠬᠦᠴᠦᠷᠬᠡᠭ ᠤᠯᠤᠰ ᠢ ᠲᠦᠷᠭᠡᠳᠭᠡᠨ ᠪᠠᠶᠢᠭᠤᠯᠤᠶ᠎ᠠ︾᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠲᠥᠪ ᠤᠨ | ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠢ | ᠲᠣᠭᠤᠷᠢᠨ ᠪᠠᠶᠢᠴᠠᠭᠠᠬᠤ ᠲᠠᠶᠢᠴᠢᠯᠠᠯᠳᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠲᠥᠪ | ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︽ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ | ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠤ ᠳᠠᠷᠠᠭᠠᠬᠢ ᠬᠤᠶᠠᠷ ᠵᠢᠯ ᠤᠨ ᠠᠵᠢᠯᠯᠠᠭᠠᠨ ᠤ | ᠲᠥᠰᠦᠯ︾᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠶᠡᠷᠦᠩᠬᠡᠢ ᠰᠠᠶᠢᠳ ᠯᠢ ᠴᠢᠶᠠᠩ ᠶᠡᠷᠦᠩᠬᠡᠢ | ᠰᠠᠶᠢᠳ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠳᠡᠭᠡᠷᠡᠬᠢ ᠶᠠᠷᠢᠶ᠎ᠠ︾ ᠶᠢ ᠳᠠᠷᠤᠮᠠᠯᠯᠠᠨ | ᠲᠠᠷᠬᠠᠭᠠᠪᠠ᠃ | ᠬᠤᠷᠠᠯ ᠠᠴᠠ ︽ᠬᠤᠸᠠᠳᠧ ᠶᠢᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠰᠤᠯᠠ | ᠪᠠᠶᠢᠭ᠎ᠠ ᠭᠠᠵᠠᠷ ᠰᠢᠷᠣᠢ ᠶᠢᠨ ᠡᠬᠢ ᠪᠠᠶᠠᠯᠢᠭ ᠢ ᠶᠡᠬᠡᠪᠡᠷ ᠰᠢᠢᠳᠪᠦᠷᠢᠯᠡᠬᠦ ᠠᠵᠢᠯ ᠢ ᠭᠦᠨᠵᠡᠭᠡᠢ ᠥᠷᠨᠢᠭᠦᠯᠬᠦ ᠬᠡᠷᠡᠭᠵᠢᠭᠦᠯᠬᠦ | ᠲᠥᠰᠦᠯ︾᠂ ︽ᠬᠤᠸᠠᠳᠧ ᠰᠢᠶᠠᠨ ᠤ 2025 ᠣᠨ ᠤ ᠠᠵᠤ ᠦᠢᠯᠡᠰ ᠢ ᠲᠡᠳᠬᠦᠨ ᠱᠠᠩᠨᠠᠬᠤ ᠬᠡᠷᠡᠭᠵᠢᠭᠦᠯᠬᠦ ᠲᠥᠰᠦᠯ︾ | ᠂ ︽ᠬᠤᠸᠠᠳᠧ ᠰᠢᠶᠠᠨ ᠤ 2025 ᠣᠨ ᠤ ᠠᠵᠢᠯ ᠬᠢᠵᠦ ᠠᠵᠢᠯ ᠣᠯᠭᠤᠬᠤ ᠱᠠᠩᠨᠠᠯ ᠤᠨ ᠬᠡᠷᠡᠭᠵᠢᠭᠦᠯᠬᠦ ᠲᠥᠰᠦᠯ︾ ᠢ | ᠬᠢᠨᠠᠨ ᠵᠥᠪᠯᠡᠪᠡ᠃ | ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠴᠢᠬᠤᠯᠠ ᠵᠣᠷᠢᠭ | ᠰᠠᠨᠠᠭ᠎ᠠ ᠪᠣᠯᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢ ᠪᠣᠳᠠᠲᠠᠢ ᠠᠵᠢᠯ ᠤᠨ ᠠᠵᠢᠯᠯᠠᠭᠠᠨ ᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠠᠷᠢᠭᠤᠴᠠᠯᠭᠠᠲᠤ | ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ | ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ | ᠤᠯᠬᠤ ᠶᠢ ᠪᠠᠲᠤᠯᠠᠬᠤ ᠬᠡᠷᠡᠭᠲᠡᠢ᠃ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠠᠷᠠᠳ ᠲᠤ ᠠᠰᠢᠭ ᠬᠦᠷᠲᠡᠭᠡᠬᠦ | ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠬᠥᠮᠦᠨ ᠪᠦᠬᠦᠨ ᠳᠤ ᠮᠡᠳᠡᠭᠦᠯᠬᠦ ᠬᠡᠷᠡᠭᠲᠡᠢ᠃ ᠪᠦᠬᠦ | ᠰᠢᠶᠠᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯ᠎ᠡ ᠵᠦᠢᠯ ᠤᠨ ᠲᠥᠰᠦᠯ ᠵᠢᠴᠢ ᠡᠭᠦᠷᠭᠡ ᠶᠢᠨ ᠨᠠᠷᠢᠨ | ᠲᠠᠩᠰᠠ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠠᠵᠢᠯ ᠤᠨ ᠭᠠᠷᠳᠠᠬᠤ ᠴᠡᠭ ᠪᠣᠯᠤᠨ ᠬᠦᠴᠦᠯᠡᠬᠦ ᠴᠡᠭ ᠢ | ᠣᠨᠣᠪᠴᠢᠲᠠᠢ ᠣᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠰᠢᠰᠲ᠋ᠧᠮ ᠲᠠᠢ | ᠲᠥᠯᠥᠪᠵᠢᠭᠦᠯᠦᠨ ᠬᠡᠷᠡᠭᠵᠢᠭᠦᠯᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |