4 ᠰᠠᠷ᠎ᠠ ᠶᠢᠨ 2 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠳ᠋ᠢᠶᠤᠤ ᠴᠦᠨ ᠬᠠᠢ ᠴᠤᠤᠶᠠᠩ ᠪᠠᠯᠭᠠᠰᠤᠨ ᠳᠤ ᠭᠦᠨᠵᠡᠭᠡᠶᠢᠷᠡᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | ᠳ᠋ᠢᠶᠣᠤ ᠴᠦᠨ ᠬᠠᠢ ᠴᠤᠤᠶᠠᠩ ᠪᠠᠯᠭᠠᠰᠤᠨ ᠤ ᠰᠢᠨ ᠷᠦᠩ ᠲᠣᠰᠬᠤᠨ ᠳᠤ ᠬᠦᠷᠴᠦ᠂ ᠲᠣᠰᠬᠤᠨ ᠤ ︽ᠬᠤᠶᠠᠷ | ᠵᠥᠪᠯᠡᠯ︾ ᠤᠨ ᠪᠠᠭ ᠤᠨ ᠪᠦᠷᠢᠯᠳᠦᠬᠦᠨ ᠲᠠᠢ ᠶᠠᠷᠢᠯᠴᠠᠬᠤ ᠠᠷᠭ᠎ᠠ ᠬᠡᠯᠪᠡᠷᠢ ᠪᠠᠷ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ᠂ ᠠᠵᠤ ᠦᠢᠯᠡᠰ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠵᠡᠷᠭᠡ ᠬᠠᠮᠢᠶ᠎ᠠ ᠪᠦᠬᠦᠢ ᠠᠵᠢᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠥᠭᠵᠢᠯᠲᠡ ᠶᠢᠨ ᠶᠠᠪᠤᠴᠠ ᠳᠠᠬᠢ ᠬᠦᠴᠢᠷ ᠠᠰᠠᠭᠤᠳᠠᠯ᠂ | ᠲᠦᠭᠵᠢᠷᠡᠯ ᠤᠨ ᠠᠰᠠᠭᠤᠳᠠᠯ ᠳᠤ ᠴᠢᠭᠯᠡᠭᠦᠯᠦᠨ ᠣᠯᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠬᠤ ᠶᠢᠨ ᠬᠠᠮᠲᠤ | ᠵᠢᠯᠣᠭᠤᠳᠬᠤ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ | ᠳ᠋ᠢᠶᠤᠤ ᠴᠦᠨ ᠬᠠᠶ ᠬᠡᠯᠡᠬᠦ ᠳᠡᠭᠡᠨ᠂ ᠡᠯ᠎ᠡ ᠰᠢᠶᠠᠩ ᠪᠠᠯᠭᠠᠰᠤ᠂ ᠲᠣᠰᠬᠤᠨ ᠤ ︽ᠬᠤᠶᠠᠷ ᠵᠥᠪᠯᠡᠯ︾᠂ | ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠠᠵᠢᠯ ᠢᠶᠠᠨ ᠦᠨᠡᠨ ᠬᠦ ᠡᠭᠦᠷᠭᠡᠯᠡᠵᠦ᠂ ᠪᠣᠳᠠᠲᠠᠶ ᠳᠤ | ᠨᠠᠶᠢᠳᠠᠪᠤᠷᠢᠵᠢᠭᠤᠯᠤᠨ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ | ᠪᠠᠲᠤ ᠡᠭᠦᠷᠭᠡᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠣᠳᠣᠬᠠᠨ ᠤ ᠭᠤᠤᠯᠳᠠᠯᠭ᠎ᠠ ᠲᠠᠢ ᠠᠵᠢᠯ | ᠪᠣᠯᠭᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠶ ᠭᠡᠵᠡᠶ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠪᠤᠶᠢᠮ᠎ᠠ ᠠᠰᠠᠭᠤᠳᠠᠯ ᠢ ᠣᠨᠢᠯᠠᠵᠤ᠂ | ᠵᠠᠩᠭᠢᠯᠠᠭ᠎ᠠ ᠶᠢᠨ ᠴᠡᠭ ᠢ ᠨᠡᠪᠲᠡᠷᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠪᠠ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ | ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠲᠠᠷᠢᠶᠠᠨ ᠭᠠᠵᠠᠷ᠂ ᠭᠡᠷ ᠤᠨ ᠠᠷᠤ ᠥᠪᠥᠷ᠂ ᠵᠠᠮ ᠳᠠᠭᠠᠤ ᠵᠡᠷᠭᠡ | ᠭᠤᠣᠯᠳᠠᠯᠭ᠎ᠠ ᠲᠠᠢ ᠣᠷᠣᠨ ᠪᠦᠰᠡ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠲᠤᠰ ᠭᠠᠵᠠᠷ ᠤᠨ ᠡᠬᠢ ᠪᠠᠶᠠᠯᠢᠭ ᠤᠨ | ᠳᠠᠪᠠᠭᠤᠯᠢᠭ ᠪᠣᠯᠤᠨ ᠤᠨᠴᠠᠯᠢᠬᠳᠤ ᠠᠵᠤ ᠦᠢᠯᠡᠰ ᠲᠤ ᠰᠠᠭᠤᠷᠢᠯᠠᠵᠤ᠂ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ | ᠬᠥᠭᠵᠢᠯᠲᠡ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠬᠥᠳᠡᠭᠡ ᠲᠣᠰᠬᠤᠨ ᠤ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠬᠦ ᠬᠡᠷᠡᠭᠲᠡᠢ ᠭᠡᠵᠡᠢ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |