3 ᠰᠠᠷ᠎ᠠ ᠶᠢᠨ 31 ᠤ ᠡᠳᠦᠷ ᠠᠴᠠ 4 ᠰᠠᠷ᠎ᠠ ᠶᠢᠨ 2 ᠤᠨ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠵᠢᠶᠠᠠ ᠪᠦᠯᠬᠦᠮ ᠳᠠᠭᠠᠭᠤᠯᠤᠨ | ᠪᠡᠭᠡᠵᠢᠩ ᠳᠤ ᠬᠠᠪᠰᠤᠷᠤᠨ ᠲᠡᠳᠬᠦᠬᠦ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠪᠡ᠃ | | | ᠤᠢᠢᠷ᠎ᠠ ᠶᠢᠨ ᠡᠳᠦᠷ ᠤᠳ ᠲᠤ᠂ ᠲᠤᠰᠢᠶᠠᠯ ᠡᠭᠦᠷᠭᠡᠯᠡᠬᠦ ᠪᠦᠯᠬᠦᠮ ᠤᠷᠢᠳ ᠬᠤᠵᠢᠳ ᠠᠩᠭ᠍ᠯᠢ ᠶᠢᠨ ᠶᠡᠭᠡ | ᠰᠤᠷᠭᠠᠭᠤᠯᠢ ᠶᠢᠨ ᠤᠯᠠᠨ ᠤᠯᠤᠰ ᠤᠨ ᠢᠲᠡᠭᠡᠮᠵᠢ ᠶᠢᠨ ᠺᠣᠮᠫᠠᠨᠢ᠂ ᠳ᠋ᠦᠩ ᠴᠧᠩ ᠤᠨ ᠰᠤᠷᠭᠠᠨ ᠬᠥᠮᠦᠵᠢᠯ ᠤᠨ | ᠵᠥᠪᠯᠡᠯ᠂ ᠳ᠋ᠦᠩ ᠴᠧᠩ ᠤᠨ ᠴᠥᠩ ᠶᠤᠸᠠᠨ ᠸᠠᠨ ᠵᠢᠶᠠ ᠪᠦᠯᠦᠭᠯᠡᠯ ᠵᠡᠷᠭᠡ ᠭᠤᠷᠪᠠᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠳᠤ ᠬᠦᠷᠴᠦ ᠰᠤᠷᠪᠤᠯᠵᠢᠯᠠᠭᠰᠠᠨ ᠳᠤ ᠲᠠᠯᠠᠷᠬᠠᠵᠤ ᠪᠠᠶᠢᠨ᠎ᠠ᠂ ᠲᠡᠳᠡᠨ ᠤ 2024 ᠣᠨ ᠳᠤ | ᠬᠤᠸᠠᠳᠧ ᠰᠢᠶᠠᠨ ᠳᠤ ᠬᠠᠨᠳᠢᠪᠯᠠᠨ ᠬᠠᠪᠰᠤᠷᠤᠨ ᠲᠡᠳᠬᠦᠭᠰᠡᠨ ᠪᠥᠭᠡᠳ 2025 ᠣᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠲᠣᠭᠤᠷᠢᠨ ᠳᠤ ᠬᠡᠷᠡᠭᠴᠡᠭᠡ ᠱᠠᠭᠠᠷᠳᠠᠯᠭ᠎ᠠ ᠪᠠᠨ ᠰᠣᠯᠢᠯᠴᠠᠵᠤ᠂ ᠠᠩᠬ᠎ᠠ | ᠠᠯᠬᠤᠮ ᠤᠨ ᠰᠠᠨᠠᠮᠵᠢ ᠲᠠᠢ ᠪᠣᠯᠵᠠᠢ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠮᠠᠨ ᠤ ᠰᠢᠶᠠᠨ ᠤ ᠲᠠᠷᠢᠶᠠᠯᠠᠩ ᠤᠨ ᠣᠨᠴᠠ ᠭᠠᠷᠤᠯᠲᠠ ᠶᠢ | ᠪᠡᠭᠡᠵᠢᠩ ᠳᠤ ᠣᠷᠣᠭᠤᠯᠤᠨ ᠪᠣᠷᠣᠯᠠᠭᠤᠯᠬᠤ ᠶᠢᠨ ᠲᠣᠭᠤᠷᠢᠨ ᠳᠤ᠂ ᠪᠦᠯᠬᠦᠮ ᠨᠡᠶᠢᠲᠡ ᠶᠢᠨ ᠬᠢᠨ ᠲᠦᠸᠧ ᠰᠢᠨ ᠱᠧᠩ | ᠳ᠋ᠡ ᠺᠣᠮᠫᠠᠨᠢ ᠳᠤ ᠬᠦᠷᠴᠦ ᠭᠤᠣᠯ ᠰᠡᠳᠦᠪᠲᠦ ᠶᠠᠷᠢᠯᠴᠠᠬᠤ ᠬᠤᠷᠠᠯ ᠬᠢᠭᠰᠡᠨ ᠪᠥᠭᠡᠳ ᠰᠢᠨ ᠹᠠ ᠳ᠋᠊᠂ ᠶᠢᠨ ᠰᠢᠤ ᠳ᠋ᠠ | ᠳ᠋ᠢ ᠵᠡᠷᠭᠡ ᠪᠡᠭᠡᠵᠢᠩ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠬᠦᠷᠴᠦ ᠬᠤᠯᠪᠣᠭᠳᠠᠯ ᠪᠦᠬᠦᠢ | ᠦᠢᠯᠡᠳᠬᠦᠨ ᠤ ᠦᠨ᠎ᠡ ᠬᠠᠩᠰᠢ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠬᠤᠸᠠᠳᠧ ᠰᠢᠶᠠᠨ ᠤ ᠲᠠᠷᠢᠶᠠᠯᠠᠩ ᠤᠨ | ᠣᠨᠴᠠ ᠭᠠᠷᠤᠯᠲᠠ ᠶᠢ ᠪᠡᠭᠡᠵᠢᠩ ᠳᠤ ᠣᠷᠣᠭᠤᠯᠤᠨ ᠪᠣᠷᠣᠯᠠᠭᠤᠯᠬᠤ ᠶᠢ ᠬᠠᠮᠲᠤ ᠪᠠᠷ ᠰᠦᠪᠡᠭᠴᠢᠯᠡᠵᠦ᠂ ᠪᠥᠭᠡᠮ ᠢᠶᠠᠷ | ᠬᠤᠳᠠᠯᠳᠤᠬᠤ ᠠᠷᠭ᠎ᠠ ᠵᠠᠮ ᠢ ᠲᠣᠭᠲᠠᠪᠤᠷᠢᠵᠢᠭᠤᠯᠬᠤ ᠵᠡᠷᠭᠡ ᠶᠠᠪᠤᠳᠠᠯ ᠢ ᠲᠣᠭᠲᠠᠭᠠᠪᠠ᠃ | ᠬᠤᠸᠠᠳᠧ ᠶᠢᠨ ᠬᠤᠪᠴᠠᠰᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠪᠦᠯᠬᠦᠮ | ᠪᠠᠰᠠ ᠲᠤᠰᠬᠠᠶᠢᠯᠠᠨ ᠳᠤᠮᠳᠠᠳᠤ ᠤᠯᠤᠰ ᠤᠨ ᠬᠤᠪᠴᠠᠰᠤᠨ ᠤ ᠠᠵᠤ ᠦᠢᠯᠡᠰ ᠤᠨ ᠨᠡᠶᠢᠭᠡᠮᠯᠢᠭ ᠲᠠᠢ ᠠᠭᠤᠯᠵᠠᠪᠠ᠃ | ᠶᠠᠷᠢᠯᠴᠠᠬᠤ ᠬᠤᠷᠠᠯ ᠳᠡᠭᠡᠷ᠎ᠡ᠂ ᠮᠠᠨ ᠤ ᠰᠢᠶᠠᠨ ᠤ ᠬᠤᠪᠴᠠᠰᠤ ᠬᠤᠨᠠᠷ ᠤᠨ ᠠᠵᠤ ᠦᠢᠯᠡᠰ ᠤᠨ ᠬᠥᠭᠵᠢᠯᠲᠡ ᠶᠢᠨ | ᠣᠳᠣᠬᠢ ᠪᠠᠶᠢᠳᠠᠯ᠂ ᠦᠢᠯᠡᠳᠬᠦᠨ ᠤ ᠣᠨᠴᠠᠯᠢᠭ ᠢ ᠲᠠᠨᠢᠯᠴᠠᠭᠤᠯᠵᠤ᠂ ᠲᠡᠮᠡᠭᠡᠨ ᠨᠣᠯᠤᠤᠷ ᠤᠨ ᠬᠥᠨᠵᠢᠯᠡ᠂ ᠬᠤᠨᠢᠨ | ᠲᠡᠮᠡᠭᠡᠨ ᠤ ᠨᠣᠣᠯᠣᠭᠤᠷ ᠤᠨ ᠳᠤᠯᠠᠭᠠᠯᠠᠭ᠎ᠠ ᠶᠢᠨ ᠬᠤᠪᠴᠠᠰᠤ ᠵᠡᠷᠭᠡ ᠨᠢᠳᠤᠷᠭᠠᠨ ᠦᠢᠯᠡᠳᠬᠦᠨ ᠢ ᠭᠤᠤᠯᠳᠠᠯᠭ᠎ᠠ ᠲᠠᠢ | ᠲᠠᠨᠢᠯᠴᠠᠭᠤᠯᠵᠤ᠂ ᠦᠶ᠋ᠯᠡᠳᠬᠦᠨ ᠤ ᠪᠣᠷᠣᠯᠠᠭᠤᠯᠭ᠎ᠠ ᠶᠢᠨ ᠠᠷᠭ᠎ᠠ ᠵᠠᠮ ᠢ ᠨᠡᠭᠡᠭᠡᠭᠰᠡᠨ ᠪᠥᠭᠡᠳ 2025 ᠣᠨ ᠤ | ᠲᠣᠭᠤᠷᠢᠨ ᠳᠤ ᠮᠠᠨ ᠤ ᠰᠢᠶᠠᠨ ᠤ ᠬᠤᠪᠴᠠᠰᠤ ᠬᠤᠨᠠᠷ ᠤᠨ ᠠᠵᠤ ᠦᠶ᠋ᠯᠡᠰ ᠤᠨ ᠬᠥᠭᠵᠢᠯᠲᠡ ᠳᠤ ᠬᠦᠴᠦᠨ | ᠨᠡᠮᠡᠷᠢᠯᠡᠬᠦ ᠠᠷᠭ᠎ᠠ ᠬᠡᠮᠵᠢᠶ᠎ᠡ ᠶᠢᠨ ᠲᠣᠭᠤᠷᠢᠨ ᠳᠤ ᠬᠠᠮᠲᠤ ᠶᠢᠨ ᠲᠠᠨᠢᠯᠲᠠ ᠲᠠᠢ ᠪᠣᠯᠪᠠ᠃ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠷᠧᠨ ᠶᠧ᠂ ᠰᠢᠶᠠᠨ ᠤ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ ᠶᠢᠨ ᠳᠡᠳ᠋ ᠳᠠᠷᠤᠭ᠎ᠠ ᠯᠢ ᠶᠦᠩ᠂ ᠰᠢᠶᠠᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠣᠣ ᠴᠧᠩ ᠸᠧᠨ᠂ ᠳ᠋ᠦᠩ ᠴᠧᠩ ᠲᠣᠭᠤᠷᠢᠭ ᠤᠨ ᠰᠤᠷᠭᠠᠨ | ᠬᠥᠮᠦᠵᠢᠯ ᠤᠨ ᠠᠵᠢᠯ ᠤᠨ ᠵᠥᠪᠯᠡᠯ ᠤᠨ ᠱᠦᠵᠢ ᠭᠤᠤ ᠸᠧᠶ᠂ ᠶᠢᠩ ᠳ᠋ᠠ ᠢᠲᠡᠭᠡᠮᠵᠢ ᠶᠢᠨ ᠺᠣᠮᠫᠠᠨᠢ᠂ ᠴᠥᠩ ᠶᠤᠸᠠᠨ | ᠸᠠᠨ ᠵᠢᠶᠠ ᠺᠣᠮᠫᠠᠨᠢ ᠶᠢᠨ ᠬᠠᠷᠢᠭᠤᠴᠠᠯᠭᠠᠲᠠᠨ ᠵᠢᠴᠢ ᠰᠢᠶᠠᠨ ᠤ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ | ᠨᠥᠬᠦᠳ ᠠᠵᠢᠯᠯᠠᠭ᠎ᠠ ᠳᠤ ᠣᠷᠣᠯᠴᠠᠵᠠᠶ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |