ᠰᠢᠤᠸᠠᠢ ᠹᠧᠩ ᠴᠢᠩ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/7

    4 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠤᠸᠠᠢ ᠹᠧᠩ ᠴᠢᠩ ᠠᠵᠤ

ᠠᠬᠤᠶᠢᠯᠠᠯ ᠳᠤ ᠭᠦᠨᠵᠡᠭᠡᠶᠢᠷᠡᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠢᠮᠳᠠᠭᠤᠯᠤᠨ

ᠵᠢᠯᠣᠭᠤᠳᠴᠤ ᠪᠠᠶᠢᠴᠠᠭᠠᠨ ᠰᠤᠳᠤᠯᠪᠠ᠃

    ᠰᠢᠤᠸᠠᠢ ᠹᠧᠩ ᠴᠢᠩ ᠨᠡᠷ ᠤᠷᠢᠳ ᠬᠤᠵᠢᠳ ᠬᠤᠸᠠᠳᠧ ᠰᠢᠶᠠᠨ ᠤ ᠵᠢᠶᠧ ᠶᠤᠸᠠᠨ ᠰᠢᠭᠠᠷᠤ ᠶᠢᠨ ᠲᠠᠯᠠᠪᠠᠢ᠂

ᠥᠪᠥᠷ ᠮᠣᠩᠭᠤᠯ ᠤᠨ ᠰᠢᠨ ᠯᠢᠶᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ

ᠬᠢᠵᠠᠭᠠᠷᠲᠤ ᠺᠣᠮᠫᠠᠨᠢ ᠳᠤ ᠬᠦᠷᠴᠦ᠂ ᠪᠤᠯᠠᠬᠤ ᠲᠠᠯᠠᠪᠠᠢ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ᠂

ᠠᠵᠤ ᠠᠬᠤᠶᠢᠯᠠᠯ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠬᠦᠭᠡᠷᠦᠮᠵᠢ ᠵᠢᠴᠢ ᠡᠷᠬᠢᠨ

ᠲᠣᠭᠤᠷᠢᠨ ᠤ ᠣᠷᠴᠢᠨ ᠲᠣᠭᠤᠷᠢᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ

ᠠᠬᠤᠶᠢᠯᠠᠯ ᠤᠨ ᠡᠳᠦᠷ ᠲᠤᠳᠤᠮ ᠤᠨ ᠬᠠᠮᠢᠶᠠᠷᠤᠯᠲᠠ ᠡᠵᠡᠩᠨᠡᠯᠲᠡ᠂ ᠰᠢᠢᠳᠪᠦᠷᠢᠯᠡᠬᠦ ᠴᠢᠳᠠᠪᠤᠷᠢ᠂ ᠭᠠᠷ ᠤᠷᠠᠯᠠᠯ ᠤᠨ

ᠶᠠᠪᠤᠴᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ

ᠴᠡᠭᠴᠡᠯᠡᠨ ᠰᠠᠶᠢᠵᠢᠷᠠᠭᠤᠯᠬᠤ ᠲᠣᠳᠣᠷᠬᠠᠢ ᠱᠠᠭᠠᠷᠳᠠᠯᠭ᠎ᠠ ᠳᠤᠷᠠᠳᠴᠠᠢ 

    ᠰᠢᠤᠸᠠᠢ ᠹᠧᠩ ᠴᠢᠩ ᠱᠠᠭᠠᠷᠳᠠᠭᠰᠠᠨ ᠨᠢ᠂ ᠠᠵᠤ ᠠᠬᠤᠶᠢᠯᠠᠯ ᠤᠨ ᠬᠢᠨ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠡᠬᠢ ᠡᠭᠦᠰᠦᠯ ᠠᠴᠠ ᠨᠢ

ᠵᠠᠰᠠᠬᠤ ᠶᠢ ᠴᠢᠩᠭᠠᠳᠬᠠᠵᠤ᠂ ᠬᠠᠮᠢᠶ᠎ᠠ ᠪᠦᠬᠦᠢ ᠪᠠᠷᠢᠮᠵᠢᠶ᠎ᠠ ᠪᠣᠯᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠣᠷᠣᠰᠢᠵᠤ

ᠪᠠᠶᠢᠭ᠎ᠠ ᠠᠰᠠᠭᠤᠳᠠᠯ ᠢ ᠪᠦᠬᠦ ᠲᠠᠯ᠎ᠠ ᠪᠠᠷ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠣᠬᠢᠷᠲᠤᠯ ᠦᠭᠡᠢ

ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂

ᠭᠤᠭᠤᠵᠢᠭᠳᠠᠭᠰᠠᠨ ᠢ ᠴᠠᠭ ᠲᠤᠬᠠᠢ ᠳᠤᠨᠢ ᠪᠠᠶᠢᠴᠠᠭᠠᠨ ᠨᠥᠬᠦᠪᠥᠷᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠳᠤ

ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ

ᠰᠠᠶᠢᠲᠤᠷ ᠰᠠᠬᠢᠨ ᠬᠠᠮᠠᠭᠠᠯᠠᠵᠤ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ

ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃

    ᠰᠢᠤᠸᠠᠢ ᠹᠧᠩ ᠴᠢᠩ ᠴᠢᠬᠤᠯᠠᠴᠢᠯᠠᠭᠰᠠᠨ ᠨᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ

ᠮᠥᠴᠢᠷ ᠤᠨ ᠬᠢᠨ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠢᠨᠠᠨ ᠬᠠᠮᠢᠶᠠᠷᠬᠤ

ᠡᠷᠴᠢᠮ ᠢᠶᠠᠨ ᠴᠢᠩᠭᠠᠷᠠᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ

ᠪᠠᠶᠢᠭᠤᠯᠤᠨ ᠪᠦᠷᠢᠨᠰᠢᠬᠦᠯᠵᠦ᠂ ᠠᠵᠤ ᠠᠬᠤᠶᠢᠯᠠᠯ ᠳᠤ ᠪᠥᠬᠦ ᠲᠠᠯ᠎ᠠ ᠶᠢᠨ᠂ ᠪᠥᠬᠦ ᠶᠠᠪᠤᠴᠠ ᠶᠢ ᠴᠢᠩᠭ᠎ᠠ ᠬᠢᠨᠠᠨ

ᠡᠵᠡᠮᠳᠡᠵᠦ᠂ ᠭᠠᠷᠴᠤ ᠮᠡᠳᠡᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠲᠠᠭᠳᠠᠯ ᠢ ᠡᠷᠡᠰ ᠬᠤᠷᠢᠭᠯᠠᠬᠤ ᠬᠡᠷᠡᠭᠲᠡᠶ᠃

ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ

ᠴᠢᠨᠠᠷ ᠢ ᠭᠦᠢᠴᠡᠳ ᠲᠠᠨᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠠᠵᠤ ᠠᠬᠤᠢ ᠶᠢᠨ

ᠬᠥᠭᠵᠢᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠡᠭᠴᠡᠯᠡᠨ

ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠰᠢᠶᠠᠨ ᠤ ᠠᠮᠢ ᠠᠬᠤᠢ ᠶᠢᠨ ᠣᠷᠴᠢᠨ

ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2