ᠬᠤᠸᠠᠳᠧ ᠰᠢᠶᠠᠨ ᠲᠣᠭᠲᠠᠭᠠᠯ ᠠᠴᠠ ᠵᠥᠷᠢᠴᠡᠨ ᠣᠨᠳᠣᠤ ᠭᠠᠵᠠᠷ ᠲᠤ ᠬᠠᠤᠯᠢ ᠬᠡᠷᠡᠭᠵᠢᠭᠦᠯᠬᠦ᠂ ᠠᠰᠢᠭ ᠬᠤᠨᠵᠢᠪᠣᠷᠢ ᠶᠢᠨ ᠴᠢᠨᠠᠷᠲᠠᠶ ᠬᠠᠤᠯᠢ ᠬᠡᠷᠡᠭᠵᠢᠭᠦᠯᠬᠦ ᠵᠢᠴᠢ ︽ᠳᠥᠷᠪᠡᠨ ᠰᠠᠮᠠᠭᠤᠨ︾ ᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/8

    ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ

ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠃ 4 ᠰᠠᠷ᠎ᠠ ᠶᠢᠨ 7 ᠤ

ᠡᠳᠦᠷ᠂ ᠬᠤᠸᠠᠳᠧ ᠰᠢᠶᠠᠨ ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ᠂ ᠨᠡᠶᠢᠲᠡᠮ

ᠴᠢᠨᠠᠷᠲᠠᠢ ᠬᠠᠤᠯᠢ ᠬᠡᠷᠡᠭᠵᠢᠭᠦᠯᠬᠦ ᠵᠢᠴᠢ ︽ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ

ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ︾ ᠵᠡᠷᠭᠡ ︽ᠲᠦᠷᠪᠡᠨ

ᠳᠤᠷ᠎ᠠ ᠪᠠᠷ ᠢᠶᠠᠨ ᠪᠠᠶᠢᠬᠤ︾ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ᠃ ᠰᠢᠶᠠᠨ ᠤ

ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠵᠢᠶᠠᠨ

ᠭᠦᠸᠧ ᠬᠤᠷᠠᠯ ᠳᠤ ᠣᠷᠣᠯᠴᠠᠪᠠ᠃

1744153380495097256.jpg

    ᠬᠤᠷᠠᠯ ᠠᠴᠠ᠂ ᠦᠵᠡᠯ ᠰᠠᠨᠠᠭ᠎ᠠ ᠪᠠᠨ ᠨᠢᠭᠡᠳᠬᠡᠵᠦ᠂ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠢ

ᠭᠦᠢᠴᠡᠳ ᠲᠠᠨᠢᠬᠤ ᠬᠡᠷᠡᠭᠲᠡᠢ᠃ ᠡᠨᠡ ᠤᠳᠠᠭ᠎ᠠ ᠶᠢᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠨᠠᠮ ᠤᠨ ᠲᠥᠪ

ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠠᠵᠢᠯᠯᠠᠭ᠎ᠠ ᠮᠥᠨ᠂

ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠤᠯᠭᠠᠮ᠎ᠠ ᠬᠡᠷᠡᠭᠴᠡᠭᠡ ᠮᠥᠨ᠂ ᠵᠠᠰᠠᠭ ᠤᠨ

ᠣᠷᠳᠣᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠯ᠎ᠡ

ᠬᠠᠤᠯᠢ ᠬᠡᠷᠡᠭᠵᠢᠭᠦᠯᠬᠦ ᠨᠢᠭᠡᠴᠡ ᠨᠦᠭᠦᠳ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ

ᠴᠢᠩᠭᠠᠳᠬᠠᠵᠤ᠂ ᠴᠡᠭᠴᠡᠯᠡᠨ ᠵᠠᠰᠠᠬᠤ ᠠᠵᠢᠯ ᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ

ᠡᠭᠦᠷᠭᠡ ᠪᠣᠯᠭᠠᠨ ᠠᠳᠬᠤᠵᠤ᠂ ᠡᠷᠡᠰ ᠪᠠᠲᠤ ᠵᠣᠷᠢᠭ᠂ ᠬᠦᠴᠦᠲᠡᠶ ᠠᠷᠭ᠎ᠠ ᠬᠡᠮᠵᠢᠶ᠎ᠡ ᠪᠠᠷ ᠬᠠᠤᠯᠢ ᠬᠡᠷᠡᠭᠵᠢᠭᠦᠯᠬᠦ ᠡᠮᠬᠢ

ᠵᠠᠮᠪᠠᠷᠠᠭ᠎ᠠ ᠥᠬᠡᠶ ᠪᠠᠶᠢᠳᠠᠯ ᠢ ᠦᠨᠳᠦᠰᠦᠨ ᠠᠴᠠ ᠨᠢ ᠵᠠᠰᠠᠬᠤ ᠬᠡᠷᠡᠭᠲᠡᠶ᠃

    ᠬᠤᠷᠠᠯ ᠠᠴᠠ᠂ ᠭᠤᠣᠯᠳᠠᠯᠭ᠎ᠠ ᠶᠢ ᠳᠤᠪᠤᠶᠢᠯᠭᠠᠵᠤ᠂ ᠲᠦᠷᠢᠮ ᠤᠨ ᠬᠢᠵᠠᠭᠠᠷᠯᠠᠯ ᠢ ᠴᠢᠩᠭᠠᠳᠬᠠᠬᠤ ᠶᠢᠨ

ᠲᠣᠭᠤᠷᠢᠨ ᠳᠤ᠂ ᠬᠠᠤᠯᠢ ᠬᠡᠷᠡᠭᠵᠢᠭᠦᠯᠦᠯᠲᠡ ᠪᠣᠯᠤᠨ ᠠᠰᠢᠭ ᠲᠤᠰᠠ ᠶᠢᠨ ᠬᠤᠯᠪᠣᠭ᠎ᠠ ᠶᠢ ᠲᠠᠰᠤᠯᠬᠤ ᠬᠡᠷᠡᠭᠲᠡᠢ᠃

ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠦᠢᠯᠡ

ᠠᠵᠢᠯᠯᠠᠭ᠎ᠠ ᠶᠢ ᠵᠢᠷᠤᠮᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ

ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠪᠠ ᠬᠠᠮᠵᠢᠯᠴᠠᠬᠤ ᠪᠠ ᠡᠩᠨᠡᠭᠡ ᠶᠢᠨ

ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠥᠷᠪᠡᠨ ᠲᠠᠯ᠎ᠠ ᠪᠠᠷ ᠬᠦᠴᠦᠲᠡᠶ ᠠᠷᠭ᠎ᠠ ᠬᠡᠮᠵᠢᠶ᠎ᠡ ᠠᠪᠴᠤ᠂ ᠴᠡᠭᠴᠡᠯᠡᠨ

ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠡᠷᠬᠡ ᠲᠡᠭᠰᠢ ᠢᠯᠡ ᠲᠣᠳᠣ ᠬᠠᠤᠯᠢ ᠪᠠᠷ ᠵᠠᠰᠠᠬᠤ

ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ

ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃

    ᠬᠤᠷᠠᠯ ᠠᠴᠠ ᠪᠠᠰᠠ ᠳᠡᠭᠡᠳᠦ ᠱᠠᠲᠤᠨ ᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠢ ᠬᠤᠯᠪᠣᠭᠳᠠᠯ

ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2