ᠳ᠋ᠢᠶᠤᠤ ᠴᠦᠨ ᠬᠠᠶ ᠪᠥᠬᠦ ᠰᠢᠶᠠᠨ ᠤ ᠠᠵᠤ ᠠᠬᠤᠶ ᠶᠢᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/9

    4 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ

ᠰᠢᠶᠠᠨ ᠤ ᠳᠠᠷᠤᠭ᠎ᠠ ᠳ᠋ᠢᠶᠤᠤ ᠴᠦᠨ ᠬᠠᠶ ᠪᠥᠬᠦ ᠰᠢᠶᠠᠨ ᠤ ᠠᠵᠤ ᠠᠬᠤᠶ ᠶᠢᠨ ᠠᠵᠢᠯᠯᠠᠭᠠᠨ᠂ ᠴᠢᠬᠤᠯᠠ ᠶᠡᠭᠡ

ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ

ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃

    ᠬᠤᠷᠠᠯ ᠠᠴᠠ ᠪᠥᠬᠦ ᠰᠢᠶᠠᠨ ᠤ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ

ᠪᠠᠶᠢᠳᠠᠯ᠂ 2025 ᠣᠨ ᠤ 1 - 4 ᠰᠠᠷ᠎ᠠ ᠵᠢᠴᠢ 4 ᠰᠠᠷ᠎ᠠ ᠶᠢᠨ ᠲᠣᠰ ᠰᠠᠷ᠎ᠠ ᠶᠢᠨ ᠲᠣᠭᠲᠠᠮᠠᠯ ᠬᠥᠷᠥᠩᠭᠡ ᠶᠢᠨ

ᠪᠠᠯᠠ ᠣᠷᠣᠭᠤᠯᠤᠯᠲᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠨᠡᠶᠢᠭᠡᠮ ᠤᠨ

ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ

ᠣᠷᠣᠯᠭ᠎ᠠ ᠶᠢ ᠵᠢᠱᠢᠯᠲᠡ ᠪᠠᠷ ᠪᠡᠶᠡᠯᠡᠭᠦᠯᠦᠭᠰᠡᠨ ᠪᠠᠶᠢᠳᠠᠯ ᠪᠠ ᠴᠢᠬᠤᠯᠠ ᠶᠡᠭᠡ ᠲᠥᠷᠥᠯ ᠵᠦᠢᠯ ᠵᠢᠴᠢ ᠭᠠᠷᠳᠠᠮ ᠢ

ᠭᠦᠢᠴᠡᠳᠭᠡᠬᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠵᠡᠷᠭᠡ ᠪᠠᠶᠢᠳᠠᠯ ᠤᠨ ᠬᠠᠷᠢᠭᠤ

ᠮᠡᠳᠡᠭᠦᠯᠦᠯᠲᠡ ᠶᠢ ᠰᠣᠨᠣᠰᠪᠠ᠃ ︽ᠤᠯᠠᠷᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ

ᠲᠣᠭᠠᠴᠠᠭ᠎ᠠ ᠬᠢᠬᠦ ᠰᠠᠭᠤᠷᠢ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠦᠰᠦᠨᠦᠭᠲᠦ︾ ᠳᠤ ᠲᠠᠶᠢᠯᠤᠮᠵᠢ ᠬᠢᠵᠦ᠂

ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠲᠣᠬᠢᠷᠠᠭᠤᠯᠪᠠ᠃

    ᠬᠤᠷᠠᠯ ᠠᠴᠠ᠂ ᠪᠤᠰᠤᠳ ᠠᠬ᠎ᠠ ᠳᠡᠭᠦᠦ ᠬᠤᠰᠢᠭᠤ ᠰᠢᠶᠠᠨ ᠤ ᠠᠵᠤ ᠠᠬᠤᠢ ᠶᠢᠨ ᠬᠥᠭᠵᠢᠯᠲᠡ᠂ ᠲᠦᠷᠦᠯ

ᠵᠦᠢᠯ ᠢ ᠠᠬᠢᠭᠤᠯᠬᠤ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ

ᠢᠳᠡᠪᠬᠢᠲᠡᠢ ᠰᠤᠷᠤᠯᠴᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠵᠣᠯᠭᠠᠯᠴᠠᠭ᠎ᠠ ᠪᠠᠨ

ᠴᠢᠩᠭᠠᠳᠬᠠᠵᠤ᠂ ᠪᠦᠬᠦ ᠰᠢᠶᠠᠨ ᠤ ᠪᠣᠳᠠᠲᠠᠢ ᠲᠠᠢ ᠤᠶᠠᠯᠳᠤᠭᠤᠯᠵᠤ᠂ ᠠᠵᠢᠯ ᠤᠨ ᠰᠡᠳᠬᠢᠴᠡ ᠪᠣᠯᠣᠨ ᠠᠷᠭ᠎ᠠ ᠶᠢᠨ

ᠰᠢᠨ᠎ᠡ ᠶᠢ ᠡᠭᠦᠳᠴᠦ᠂ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠥᠬᠦᠶ

ᠰᠢᠶᠠᠨ ᠤ ᠳᠡᠳ᠋ ᠳᠠᠷᠤᠭ᠎ᠠ ᠲᠦᠷᠦᠭᠦᠯᠡᠨ ᠬᠠᠷᠢᠭᠤᠴᠠᠵᠤ᠂ ᠡᠯ᠎ᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂

ᠲᠣᠬᠢᠷᠠᠭᠤᠯᠤᠯᠲᠠ ᠪᠠᠨ ᠴᠢᠩᠭᠠᠳᠬᠠᠵᠤ᠂ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠡᠯ᠎ᠡ

ᠵᠦᠢᠯ ᠤᠨ ᠠᠵᠢᠯ ᠢᠶᠠᠨ ᠪᠥᠬᠦ ᠲᠠᠯ᠎ᠠ ᠪᠠᠷ᠂ ᠭᠦᠨᠵᠡᠭᠡᠶ ᠰᠤᠳᠤᠯᠵᠤ᠂ ᠬᠠᠷᠠᠯᠲᠠ ᠶᠢᠨ ᠠᠷᠭ᠎ᠠ ᠪᠣᠳᠣᠯᠭ᠎ᠠ ᠶᠢ

ᠬᠡᠷᠡᠭᠵᠢᠭᠦᠯᠦᠨ ᠠᠵᠤ ᠠᠬᠤᠶ ᠶᠢᠨ ᠨᠡᠮᠡᠭᠳᠡᠯ ᠢ ᠳᠠᠶᠢᠴᠢᠯᠠᠵᠤ᠂ ᠰᠢᠶᠠᠨ ᠤ ᠬᠡᠪᠴᠢᠶᠡᠨ ᠤ ᠠᠵᠤ ᠠᠬᠤᠶ ᠶᠢᠨ

ᠬᠥᠭᠵᠢᠯᠲᠡ ᠶᠢᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠲᠠᠯ᠎ᠠ ᠪᠠᠷ ᠬᠢ ᠬᠤᠶᠠᠷ ᠢ ᠳᠡᠭᠡᠭᠰᠢᠯᠡᠭᠦᠯᠬᠦ ᠶᠢ ᠪᠥᠬᠦ

ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃

    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠪᠣᠯᠤᠨ

ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠨᠠᠭᠰᠢᠳᠠ

ᠪᠣᠳᠠᠲᠠᠶᠢᠵᠢᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦ ᠶᠢᠨ

ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭ᠎ᠠ ᠠᠴᠠ ᠪᠠᠨ ᠠᠷᠭ᠎ᠠ ᠤᠬᠠᠭᠠᠨ ᠰᠦᠪᠡᠭᠴᠢᠯᠡᠵᠦ᠂ ᠠᠵᠤ

ᠠᠬᠤᠢ ᠶᠢᠨ ᠠᠵᠢᠯ ᠢ ᠠᠳᠬᠤᠬᠤ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠡᠯ᠎ᠡ ᠵᠦᠢᠯ ᠤᠨ

ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠬᠡᠷᠡᠭᠲᠡᠢ᠃ ᠠᠵᠢᠯ ᠤᠨ

ᠡᠭᠦᠷᠭᠡ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠡᠯ᠎ᠡ ᠵᠦᠢᠯ ᠤᠨ ᠠᠵᠢᠯ ᠤᠨ

ᠰᠢᠨ᠎ᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ

ᠲᠣᠭᠲᠠᠭᠤᠨ ᠤ ᠳᠤᠮᠳᠠ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃

    ᠰᠢᠶᠠᠨ ᠤ ᠤᠳᠤᠷᠢᠳᠤᠯᠭ᠎ᠠ ᠦ᠋ ᡁᠢ ᠢᠦᠢ᠂ ᠯᠢ ᠰᠢᠨ᠂ ᠴᠠᠢ ᠬᠤᠩ ᠪᠥᠸᠧ᠂ ᠯᠢ ᠬᠤᠩ ᠮᠢᠨ ᠵᠢᠴᠢ ᠰᠢᠶᠠᠨ ᠤ

ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

 

ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ

ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ   

ᠣᠷᠴᠢᠭᠤᠯᠤᠭᠴᠢ᠄ ᠠᠨᠵᠸᠯ 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2