ᠠᠴᠢ ᠲᠤᠰᠠ ᠶᠢ ᠪᠤᠳᠤᠬᠤ᠃ ᠴᠠᠶᠢᠯᠭᠠᠨ ᠰᠡᠳᠬᠢᠯ ᠲᠠᠢ ᠬᠥᠮᠥᠨ ᠬᠡᠵᠢᠶᠡᠳᠡ ᠠᠵᠠ ᠵᠢᠷᠭᠠᠯ ᠲᠠᠢ᠂ ᠠᠴᠢ ᠶᠢ | ᠮᠡᠳᠡᠳᠡᠭ ᠬᠥᠮᠥᠨ ᠬᠡᠵᠢᠶᠡᠳᠡ ᠵᠣᠯ ᠵᠢᠷᠭᠠᠯ ᠲᠠᠢ ᠭᠡᠳᠡᠭ᠃ ᠪᠤᠰᠤᠳ ᠤᠨ ᠠᠴᠢ ᠲᠤᠰᠠ ᠶᠢ ᠮᠡᠳᠡᠬᠦ ᠪᠣᠯ | ᠠᠮᠢᠳᠤᠷᠠᠯ ᠤᠨ ᠨᠢᠭᠡ ᠵᠦᠢᠯ ᠤᠨ ᠣᠪᠣᠷ ᠮᠥᠨ᠂ ᠲᠡᠷᠡ ᠨᠢ ᠪᠢᠳᠠᠨ ᠢ ᠠᠮᠢᠳᠤᠷᠠᠯ ᠳᠤ ᠬᠠᠶᠢᠷᠠᠲᠠᠢ ᠬᠦᠰᠡᠯ | ᠮᠥᠷᠥᠭᠡᠳᠦᠯ ᠲᠠᠢ ᠪᠣᠯᠭᠠᠳᠠᠭ᠃ ᠠᠭᠤᠵᠢᠭᠤ ᠲᠠᠶᠢᠪᠤᠭᠤ ᠪᠠᠶᠢᠬᠤ᠃ ᠬᠥᠮᠥᠨ ᠤ ᠠᠮᠢᠳᠤᠷᠠᠯ ᠶᠡᠷᠦᠨᠢ ᠥᠭᠡᠳᠡ ᠲᠠᠢ | ᠤᠷᠤᠭᠤ ᠲᠠᠢ ᠪᠠᠶᠢᠳᠠᠭ᠃ ᠪᠢᠳᠡ ᠪᠤᠰᠤᠳ ᠢ ᠥᠭᠡᠷᠡᠴᠢᠯᠡᠵᠦ ᠴᠢᠳᠠᠬᠤ ᠦᠭᠡᠢ ᠪᠠᠶᠢᠵᠤ ᠮᠠᠭᠠᠳ᠂ ᠬᠠᠷᠢᠨ | ᠥᠪᠡᠷ ᠤᠨ ᠰᠡᠳᠬᠢᠯ ᠰᠠᠨᠠᠭ᠎ᠠ ᠪᠠᠨ ᠡᠵᠡᠮᠳᠡᠵᠦ ᠰᠤᠷᠬᠤ ᠬᠡᠷᠡᠭᠲᠡᠢ ᠶᠤᠮ᠃ ᠰᠡᠳᠬᠢᠯ ᠰᠠᠨᠠᠭ᠎ᠠ ᠪᠠᠨ ᠠᠭᠤᠵᠢᠭᠤ | ᠲᠠᠶᠢᠪᠤᠭᠤᠬᠠᠨ ᠪᠠᠶᠢᠯᠭᠠᠪᠠᠯ ᠰᠠᠶ᠋ᠢ ᠭᠤᠨᠢᠭ ᠪᠤᠬᠢᠨᠢᠳᠤᠯ ᠲᠠᠨ ᠠᠴᠠ ᠬᠤᠯᠠᠳᠠᠵᠤ ᠪᠠᠶᠢᠳᠠᠭ᠃ ᠳᠤᠲᠠᠭᠤ ᠠᠲᠠᠭᠠᠷᠬᠠᠬᠤ | ᠃ ᠠᠮᠢᠳᠤᠷᠠᠯ ᠳᠤ ᠶᠡᠷᠦᠨᠢ ᠣᠯᠠᠩᠬᠢ ᠦᠶ᠎ᠡ ᠳᠤ ᠪᠤᠬᠢᠨᠢᠳᠤᠯ ᠢ ᠥᠪᠡᠷ ᠢᠶᠠᠨ ᠡᠷᠢᠵᠦ᠂ ᠵᠣᠪᠠᠨᠢᠯ ᠢ ᠥᠪᠡᠷ ᠲᠡᠭᠡᠨ | ᠬᠤᠴᠤᠷᠣᠭᠠᠳᠠᠭ᠃ ᠦᠨᠡᠨ ᠳᠡᠭᠡᠨ ᠵᠠᠷᠢᠮ ᠤᠴᠢᠷ ᠶᠠᠪᠤᠳᠠᠯ ᠰᠠᠨᠠᠭᠰᠠᠨ ᠰᠢᠭ᠋ ᠲᠡᠶᠢᠮᠦ ᠪᠤᠳᠤᠯᠢᠶᠠᠨᠲᠠᠢ ᠪᠢᠰᠢ᠂ | ᠭᠡᠪᠡᠴᠦ ᠥᠪᠡᠷ ᠢᠶᠠᠨ ᠬᠡᠲᠦᠷᠬᠡᠢ ᠢᠯᠡᠭᠦᠦ ᠮᠥᠴᠡᠭᠡᠷᠬᠡᠵᠦ ᠠᠲᠠᠭᠠᠷᠬᠠᠭᠰᠠᠨ ᠠᠴᠠ ᠪᠣᠯᠣᠭᠠᠳ ᠪᠡᠶ᠎ᠡ ᠪᠠᠨ ᠵᠣᠪᠠᠭᠠᠳᠠᠭ | ᠶᠤᠮ᠃ ᠬᠡᠵᠢᠶᠡᠳᠡ ᠥᠪᠡᠷ ᠢᠶᠠᠷ ᠢᠶᠠᠨ ᠪᠠᠶᠢᠬᠤ᠃ ᠠᠮᠵᠢᠯᠲᠠ ᠳᠤ ᠪᠠᠷᠳᠠᠮᠨᠠᠬᠤ ᠦᠭᠡᠢ᠂ ᠢᠯᠠᠭᠳᠠᠯ ᠳᠤ ᠴᠥᠬᠦᠷᠡᠬᠦ | ᠦᠭᠡᠢ ᠪᠠᠶᠢᠬᠤ ᠪᠣᠯ ᠬᠠᠮᠤᠭ ᠤᠨ ᠴᠢᠬᠤᠯᠠ ᠶᠤᠮ᠃ ᠪᠠᠷᠢᠮᠲᠠᠯᠠᠬᠤ ᠶᠢᠨ ᠭᠠᠶᠢᠬᠠᠮᠰᠢᠭ ᠲᠤ ᠢᠲᠡᠭᠡᠬᠦ᠃ ᠬᠠᠮᠤᠭ ᠤᠨ | ᠵᠣᠯ ᠵᠢᠷᠭᠠᠯᠲᠠᠢ ᠠᠮᠢᠳᠤᠷᠠᠯ ᠪᠣᠯ᠂ ᠥᠪᠡᠷ ᠤᠨ ᠪᠠᠷᠢᠮᠲᠠᠯᠠᠯ ᠪᠠ ᠴᠢᠷᠮᠠᠶᠢᠯᠭ᠎ᠠ ᠪᠠᠷ ᠢᠶᠠᠨ ᠰᠠᠨᠠᠭᠰᠠᠨ ᠢᠶᠠᠨ ᠪᠡᠶᠡᠯᠡᠭᠦᠯᠬᠦ | ᠶᠠᠪᠤᠳᠠᠯ ᠪᠣᠯᠣᠨ᠎ᠠ᠃ ᠡᠶᠢᠮᠦ ᠠᠴᠠ ᠬᠠᠮᠢᠭ᠎ᠠ ᠶᠠᠭᠤ ᠬᠢᠵᠦ ᠪᠠᠶᠢᠰᠬᠠᠨ ᠴᠦ ᠰᠠᠨᠠᠭᠰᠠᠨ ᠢᠶᠠᠨ ᠪᠡᠶᠡᠯᠡᠭᠦᠯᠬᠦ ᠶᠢᠨ | ᠲᠥᠯᠥᠭᠡ ᠰᠠᠭᠠᠷᠠᠰᠢ ᠦᠭᠡᠢ ᠵᠣᠷᠢᠭ ᠢᠶᠠᠷ ᠵᠢᠳᠬᠦᠬᠦ ᠯᠠ ᠴᠢᠬᠤᠯᠠ ᠶᠤᠮ᠃ | | ᠢᠷᠡᠯᠲᠡ᠄ ᠲᠣᠮᠳᠠᠳᠣ ᠤᠯᠤᠰ ᠤᠨ ᠮᠣᠩᠭᠤᠯ ᠷᠠᠳᠢᠣ᠋ ᠰᠦᠯᠵᠢᠶ᠎ᠡ | ᠪᠡᠯᠡᠳᠭᠡᠭᠰᠡᠨ ᠨᠢ᠄ ᠭᠠᠩᠭ᠎ᠠ | |