ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠬᠤᠷᠠᠯᠳᠤᠭᠠᠨ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯᠳᠤᠭᠠᠨ ᠢ ᠡᠷᠭᠢᠯᠡᠪᠡ
ᠨᠡᠶᠢᠲᠡᠯᠡᠭᠰᠡᠨ ᠴᠠᠭ᠄
2025/5/13

    ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 25 ᠤ ᠡᠳᠦᠷ ᠤᠨ ᠴᠠᠬᠢᠯᠭᠠᠨ ᠮᠡᠳᠡᠭᠡ ᠳᠤᠮᠳᠠᠳᠤ

ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ 4 ᠳ᠋ᠦ᠋ᠭᠡᠷ ᠰᠠᠷ᠎ᠠ ᠶᠢᠨ 25 ᠤ

ᠡᠳᠦᠷ ᠬᠤᠷᠠᠯᠳᠤᠭᠠᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ

ᠵᠠᠳᠠᠯᠤᠨ ᠰᠤᠳᠤᠯᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯᠳᠤᠭᠠᠨ ᠢ ᠡᠷᠬᠢᠯᠡᠪᠡ᠃

     ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ

ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠢ

ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠤᠯᠤᠰ ᠤᠨ

ᠳᠣᠲᠣᠭᠠᠳᠤ ᠶᠢᠨ ᠠᠵᠤ ᠠᠬᠤᠢ ᠶᠢᠨ ᠠᠵᠢᠯ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠲᠡᠮᠡᠴᠡᠯ ᠢ ᠨᠢᠭᠡᠳᠦᠯᠲᠡᠢ

ᠲᠥᠯᠥᠪᠯᠡᠵᠦ᠂ ᠥᠪᠡᠷ ᠤᠨ ᠢᠶᠠᠨ ᠠᠵᠢᠯ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ ᠲᠦᠪᠰᠢᠨ

ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ᠂ ᠠᠵᠤ ᠠᠬᠤᠶᠢᠯᠠᠯ᠂

ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ

ᠴᠢᠨᠠᠷ ᠢᠶᠠᠷ ᠭᠠᠳᠠᠭᠠᠳᠤ ᠣᠷᠴᠢᠨ ᠨᠥᠬᠦᠴᠡᠯ ᠤᠨ ᠲᠦᠷᠭᠡᠨ ᠬᠤᠪᠢᠷᠠᠯᠲᠠ ᠶᠢᠨ ᠲᠣᠭᠲᠠᠭᠠᠯᠲᠤ ᠪᠤᠰᠤ ᠴᠢᠨᠠᠷ ᠢ

ᠠᠷᠭᠠᠴᠠᠭᠠᠬᠤ ᠬᠡᠷᠡᠭᠲᠡᠢ ᠭᠡᠵᠡᠢ᠃

    ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠶᠢᠨ

ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ

ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠮᠥᠷᠲᠡᠭᠡᠨ ᠭᠦᠢᠴᠡᠳ ᠬᠡᠷᠡᠭᠯᠡᠬᠦ

ᠬᠡᠷᠡᠭᠲᠡᠢ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ᠂ ᠤᠯᠤᠰ ᠤᠨ

ᠬᠡᠳᠦ ᠤᠷᠳᠤ ᠬᠤᠭᠤᠴᠠᠭᠠᠲᠤ ᠣᠨᠴᠠᠭᠠᠢ ᠵᠢᠭᠡᠯᠡᠯᠭᠡ ᠵᠡᠷᠭᠡ ᠶᠢ ᠲᠠᠷᠬᠠᠭᠠᠨ ᠬᠡᠷᠡᠭᠯᠡᠬᠦ ᠶᠢ ᠲᠦᠷᠭᠡᠳᠬᠡᠨ᠎ᠡ᠃ ᠦᠨᠳᠦᠰᠦᠨ

ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠠᠳᠠᠭᠠᠯᠠᠮᠵᠢ ᠶᠢᠨ ᠪᠡᠯᠡᠳᠬᠡᠯ

ᠮᠥᠩᠭᠦᠨ ᠤ ᠨᠣᠷᠮ᠎ᠠ ᠪᠠ ᠬᠦᠦ ᠮᠥᠩᠭᠦ ᠶᠢᠨ ᠨᠤᠷᠮ᠎ᠠ ᠶᠢ ᠴᠠᠭ ᠲᠤ ᠨᠢ ᠲᠣᠬᠢᠷᠠᠭᠤᠯᠤᠨ ᠪᠠᠭᠤᠷᠠᠭᠤᠯᠵᠤ᠂ ᠬᠥᠳᠡᠯᠭᠡᠭᠡᠨᠲᠦ

ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠪᠣᠳᠠᠲᠤ ᠴᠣᠭᠴᠠ ᠶᠢᠨ ᠠᠵᠤ ᠠᠬᠤᠢ ᠶᠢ ᠬᠦᠴᠦᠯᠡᠨ ᠳᠡᠮᠵᠢᠬᠦ ᠬᠡᠷᠡᠭᠲᠡᠢ᠃

ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠰᠢᠨ᠎ᠡ ᠪᠠᠭᠠᠵᠢ ᠶᠢ ᠡᠭᠦᠳᠦᠨ ᠲᠣᠬᠢᠷᠠᠭᠤᠯᠵᠤ᠂

ᠰᠢᠨ᠎ᠡ ᠮᠠᠶ᠋ᠢᠭ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠲᠣᠬᠢᠷᠠᠭᠤᠯᠵᠤ᠂

ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡ ᠶᠢ ᠥᠷᠭᠡᠳᠬᠡᠬᠦ᠂ ᠭᠠᠳᠠᠭᠠᠳᠤ ᠠᠷᠠᠯᠵᠢᠶ᠎ᠠ ᠶᠢ

ᠲᠣᠭᠲᠠᠪᠤᠷᠢᠵᠢᠭᠤᠯᠬᠤ ᠵᠡᠷᠭᠡ ᠶᠢ ᠳᠡᠮᠵᠢᠨ᠎ᠡ ᠭᠡᠵᠡᠢ᠃

    ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠣᠷᠣᠯᠭ᠎ᠠ ᠶᠢ

ᠨᠡᠮᠡᠭᠳᠡᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢ ᠶᠡᠭᠡ ᠪᠠᠷ ᠬᠥᠭᠵᠢᠭᠦᠯᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ

ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠬᠡᠷᠡᠭᠯᠡᠭᠡᠨ ᠤ ᠬᠦᠷᠢᠶᠡᠨ ᠳᠠᠬᠢ ᠬᠢᠵᠠᠭᠠᠷᠯᠠᠬᠤ

ᠴᠢᠨᠠᠷᠲᠠᠢ ᠠᠷᠭ᠎ᠠ ᠬᠡᠮᠵᠢᠶ᠎ᠡ ᠶᠢ ᠲᠦᠷᠭᠡᠬᠡᠨ ᠢᠯᠭᠠᠷᠠᠭᠤᠯᠤᠨ ᠲᠢᠭᠯᠡᠵᠦ᠂ ᠦᠢᠯᠡᠴᠢᠯᠡᠭᠡᠨ ᠤ ᠬᠡᠷᠡᠭᠯᠡᠭᠡ ᠬᠢᠭᠡᠳ ᠨᠠᠰᠤᠵᠢᠯ ᠤᠨ

ᠠᠰᠠᠷᠠᠮᠵᠢ ᠶᠢᠨ ᠳᠠᠬᠢᠯᠲᠠ ᠵᠢᠭᠡᠯᠡᠯᠭᠡ ᠶᠢ ᠲᠣᠬᠢᠷᠠᠭᠤᠯᠤᠨ᠎ᠠ᠃ ᠪᠡᠯᠡ ᠮᠥᠩᠭᠦᠨ ᠤ ᠳᠡᠮᠵᠢᠯᠭᠡ ᠶᠢᠨ ᠡᠷᠴᠢᠮ ᠢ

ᠴᠢᠩᠭᠠᠷᠠᠭᠤᠯᠵᠤ᠂ ᠬᠦᠷᠢᠶ᠎ᠡ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ︽ᠰᠢᠨᠡᠳᠬᠡᠬᠦ ᠪᠠ ᠰᠣᠯᠢᠬᠤ︾

ᠲᠠᠯ᠎ᠠ ᠪᠠᠷ ᠬᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠂ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ

ᠪᠠᠶᠢᠭᠤᠯᠤᠯᠲᠠ ᠶᠢ ᠬᠦᠴᠦᠯᠡᠨ ᠬᠡᠷᠡᠭᠵᠢᠭᠦᠯᠦᠨ᠎ᠡ ᠭᠡᠵᠡᠢ᠃

    ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ

ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ᠃ ᠪᠡᠯᠡ ᠲᠣᠬᠢᠷᠠᠭᠤᠯᠭ᠎ᠠ ᠶᠢᠨ

ᠳᠡᠮᠵᠢᠯᠭᠡ ᠶᠢ ᠴᠢᠩᠭᠠᠳᠬᠠᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠪᠠᠨ ᠲᠦᠷᠭᠡᠪᠴᠢᠯᠡᠨ

ᠠᠬᠢᠭᠤᠯᠤᠨ᠎ᠠ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠵᠤ᠂ ᠨᠢᠭᠡ ᠪᠦᠯᠦᠭ

ᠰᠢᠨ᠎ᠡ ᠪᠠᠷ ᠡᠭᠦᠰᠦᠭᠰᠡᠨ ᠲᠤᠯᠭᠠᠭᠤᠷᠢ ᠠᠵᠤ ᠦᠢᠯᠡᠰ ᠢ ᠪᠤᠢ ᠪᠣᠯᠭᠠᠨ᠎ᠠ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ

ᠪᠡᠷᠬᠡ ᠰᠡᠳᠦᠪ ᠰᠢᠢᠳᠪᠦᠷᠢᠯᠡᠬᠦ ᠶᠢ ᠦᠷᠭᠦᠯᠵᠢᠯᠡᠨ ᠬᠦᠴᠦᠯᠡᠨ ᠠᠬᠢᠭᠤᠯᠵᠤ᠂ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ

ᠳᠡᠯᠭᠡᠭᠦᠷ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠮᠪᠠᠷ᠎ᠠ︾ ᠶᠢ ᠰᠢᠨ᠎ᠡ ᠪᠠᠷ ᠡᠭᠦᠳᠦᠨ ᠭᠠᠷᠭᠠᠵᠤ᠂ ︽

ᠵᠣᠬᠢᠶᠠᠮᠠᠯ ᠤᠶᠤᠨ +︾ ᠠᠵᠢᠯᠯᠠᠭ᠎ᠠ ᠶᠢ ᠲᠦᠷᠭᠡᠪᠴᠢᠯᠡᠨ ᠬᠡᠷᠡᠭᠵᠢᠭᠦᠯᠦᠨ᠎ᠡ ᠭᠡᠵᠡᠢ᠃

    ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃

    

ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ

ᠪᠡᠯᠡᠳᠭᠡᠭᠰᠡᠨ ᠨᠢ᠄ ᠭᠠᠩᠭ᠎ᠠ 

 

 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2