ᠰᠢᠬᠢᠷ ᠰᠢᠵᠢᠩ ᠡᠪᠡᠳᠴᠢᠲᠡᠨ ᠦᠨᠢᠶᠡᠨ ᠰᠦ ᠤᠤᠭᠤᠵᠤ ᠪᠣᠯᠬᠤ ᠦᠦ︖
ᠨᠡᠶᠢᠲᠡᠯᠡᠭᠰᠡᠨ ᠴᠠᠭ᠄
2025/5/13

    ᠰᠢᠬᠢᠷ ᠰᠢᠵᠢᠩ ᠡᠪᠡᠳᠴᠢᠲᠡᠨ ᠦᠨᠢᠶᠡᠨ ᠰᠦ ᠤᠤᠭᠤᠵᠤ ᠪᠣᠯᠬᠤ ᠪᠠᠷ ᠪᠠᠷᠠᠬᠤ ᠦᠭᠡᠢ᠂ ᠪᠠᠰᠠ ᠢᠯᠡᠭᠦᠦ

ᠤᠤᠭᠤᠬᠤ ᠶᠢ ᠰᠠᠨᠠᠭᠠᠴᠢᠯᠠᠨ᠎ᠠ᠃ ᠦᠨᠢᠶᠡᠨ ᠰᠦᠨ ᠳᠤ ᠠᠶᠠᠨᠳᠠᠭᠠᠨ ᠠᠭᠤᠯᠵᠤ ᠪᠦᠬᠦᠢ ᠰᠦᠨ ᠰᠢᠬᠢᠷ ᠪᠣᠯ

ᠨᠢᠰᠢᠩᠭᠦ ᠶᠢᠨ ᠰᠢᠬᠢᠷ ᠲᠠᠢ ᠠᠳᠠᠯᠢ ᠦᠭᠡᠢ᠂ ᠦᠨᠢᠶᠡᠨ ᠰᠦ ᠪᠣᠯ ᠳᠣᠣᠷ᠎ᠠ GI ᠢᠳᠡᠭᠡᠨ ᠳᠤ ᠪᠠᠭᠲᠠᠨ᠎ᠠ᠂ ᠰᠢᠬᠢᠷ

ᠰᠢᠵᠢᠩ ᠡᠪᠡᠳᠴᠢᠲᠡᠨ ᠪᠦᠷ ᠤᠤᠭᠤᠵᠤ ᠪᠣᠯᠣᠨ᠎ᠠ᠃ ᠣᠳᠣᠬᠠᠨ ᠳᠤ ᠦᠨᠢᠶᠡᠨ ᠰᠦᠨ ᠳᠠᠬᠢ ᠺᠠᠯᠼ᠂ ᠤᠭᠤᠷᠠᠭ

ᠵᠢᠴᠢ ᠵᠠᠷᠢᠮ ᠥᠭᠡᠬᠦᠨ ᠬᠦᠴᠢᠯ ᠨᠢ 2 ᠬᠡᠯᠪᠡᠷᠢ ᠶᠢᠨ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠵᠦ

ᠪᠣᠯᠣᠨ᠎ᠠ ᠭᠡᠵᠦ ᠦᠵᠡᠵᠦ ᠪᠠᠶᠢᠨ᠎ᠠ᠃ ᠤᠴᠢᠷ ᠨᠢ ᠢᠨᠰᠦ᠋ᠯᠢᠨ ᠤ ᠡᠳ᠋ ᠢ ᠢᠯᠭᠠᠷᠠᠭᠤᠯᠬᠤ ᠳᠤ ᠺᠠᠯᠼ ᠤᠨ

ᠣᠷᠤᠯᠴᠠᠯᠭ᠎ᠠ ᠶᠢ ᠱᠠᠭᠠᠷᠳᠠᠨ᠎ᠠ᠂᠃ ᠺᠠᠯᠼ ᠢ ᠭᠦᠢᠴᠡᠳ ᠰᠢᠩᠭᠡᠬᠡᠨ ᠠᠪᠬᠤ ᠦᠭᠡᠢ ᠪᠣᠯ ᠨᠦᠢᠷ ᠤᠨ

ᠪᠤᠯᠴᠢᠷᠬᠠᠢ ᠶᠢᠨ B ᠡᠰ ᠤᠨ ᠡᠰ ᠤᠨ ᠳᠣᠲᠣᠷ ᠪᠠ ᠡᠰ ᠤᠨ ᠭᠠᠳᠠᠨᠠᠬᠢ ᠺᠠᠯᠼ ᠤᠨ ᠲᠠᠲᠠᠭᠠᠯ ᠳᠠᠬᠢ ᠺᠠᠯᠼ ᠤᠨ

ᠢᠶᠤᠨ ᠤ ᠲᠡᠩᠴᠡᠭᠦᠷᠢ ᠶᠢ ᠬᠤᠪᠢᠷᠠᠭᠤᠯᠵᠤ᠂ ᠡᠴᠦᠰ ᠲᠡᠭᠡᠨ ᠢᠨᠰᠦ᠋ᠯᠢᠨ ᠤ ᠡᠳ᠋ ᠤᠨ ᠬᠡᠪ ᠤᠨ

ᠢᠯᠭᠠᠷᠠᠭᠤᠯᠤᠯᠳᠠ ᠶᠢ ᠨᠥᠯᠥᠭᠡᠯᠡᠨ᠎ᠡ᠃ ᠰᠢᠷᠠᠰᠤ ᠶᠢᠨ ᠤᠭᠤᠷᠠᠭ ᠨᠢ ᠢᠨᠰᠦ᠋ᠯᠢᠨ ᠤ ᠡᠳ᠋ ᠤᠨ ᠡᠰᠡᠷᠭᠦᠴᠡᠯ ᠢ

ᠰᠠᠶᠢᠵᠢᠷᠠᠭᠤᠯᠳᠠᠭ᠃ ᠪᠠᠰᠠ ᠵᠠᠷᠢᠮ ᠠᠮᠢᠲᠠᠨ ᠤ ᠲᠤᠷᠰᠢᠯᠲᠠ ᠭᠡᠷᠡᠴᠢᠯᠡᠭᠰᠡᠨ ᠨᠢ᠄ ᠭᠦᠢᠴᠡᠳ ᠬᠡᠮᠵᠢᠶᠡᠨ ᠤ ᠺᠠᠯᠼ ᠨᠢ

ᠲᠣᠮᠣ ᠬᠤᠯᠤᠭᠠᠨ᠎ᠠ ᠶᠢᠨ ᠪᠡᠶ᠎ᠡ ᠶᠢᠨ ᠬᠦᠨᠳᠦ᠂ ᠴᠢᠰᠤᠨ ᠴᠠᠶᠢᠪᠠᠩ ᠤᠨ ᠶᠡᠷᠦᠩᠬᠡᠢ ᠰᠥᠰᠥᠨ ᠤ ᠭᠤᠨᠠᠨ

ᠠᠯᠺᠣᠣᠯ ᠤᠨ ᠬᠡᠮᠵᠢᠶ᠎ᠡ ᠶᠢ ᠪᠠᠭᠤᠷᠠᠭᠤᠯᠬᠤ ᠶᠢᠨ ᠬᠠᠮᠲᠤ᠂ ᠶᠡᠭᠡ ᠢᠨᠰᠦᠯᠢᠨᠲᠦ ᠴᠢᠰᠤᠨ ᠭᠡᠮ ᠢ ᠰᠠᠶᠢᠵᠢᠷᠠᠭᠤᠯᠤᠨ᠎ᠠ᠃

ᠡᠭᠦᠨ ᠠᠴᠠ ᠭᠠᠳᠠᠨ᠎ᠠ᠂ ᠦᠨᠢᠶᠡᠨ ᠰᠦ ᠳᠣᠲᠣᠷᠠᠬᠢ ᠬᠤᠣᠰᠮᠠᠭ ᠳᠤᠲᠠᠭᠤ ᠲᠣᠰᠣᠨ ᠬᠦᠴᠢᠯ ᠨᠢ ᠲᠣᠮᠣ

ᠬᠤᠯᠤᠭᠠᠨ᠎ᠠ ᠶᠢᠨ ᠶᠡᠭᠡ ᠢᠨᠰᠦᠯᠢᠨᠲᠦ ᠴᠢᠰᠤᠨ ᠬᠡᠮ ᠪᠠ ᠶᠡᠭᠡ ᠰᠢᠬᠢᠷᠲᠦ ᠴᠢᠰᠤᠨ ᠬᠡᠮ ᠢ ᠢᠯᠡᠳᠲᠡ

ᠰᠠᠶᠢᠵᠢᠷᠠᠭᠤᠯᠵᠤ ᠪᠣᠯᠣᠨ᠎ᠠ᠃ ᠡᠶᠢᠮᠦ ᠠᠴᠠ ᠴᠢᠰᠤᠨ ᠰᠢᠬᠢᠷ ᠢ ᠬᠢᠵᠠᠭᠠᠷᠯᠠᠬᠤ ᠬᠥᠮᠥᠰ ᠢᠯᠡᠭᠦᠬᠡᠨ ᠰᠦ

ᠤᠤᠭᠤᠬᠤ ᠶᠢ ᠰᠠᠨᠠᠭᠤᠯᠤᠶ᠎ᠠ᠃

    

ᠢᠷᠡᠯᠲᠡ᠄ ᠠᠷᠠᠳ ᠤᠨ ᠰᠦᠯᠵᠢᠶ᠎ᠡ

ᠪᠡᠯᠡᠳᠭᠡᠭᠰᠡᠨ ᠨᠢ᠄ ᠭᠠᠩᠭ᠎ᠠ

 

 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2