ᠳ᠋ᠢᠶᠣᠣ ᠴᠦᠨ ᠬᠠᠢ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/12

    4 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ

ᠳᠠᠷᠤᠭ᠎ᠠ ᠳ᠋ᠢᠶᠤᠤ ᠴᠦᠨ ᠬᠠᠶ ᠪᠥᠬᠦ ᠰᠢᠶᠠᠨ ᠤ ᠠᠶᠤᠯᠭᠦᠶ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ

ᠬᠠᠭᠰᠠᠷᠠᠭᠠᠨ ᠲᠠᠢ ᠲᠡᠮᠡᠴᠡᠬᠦ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ

ᠬᠤᠷᠠᠯ ᠢ ᠡᠷᠭᠢᠯᠡᠨ ᠬᠤᠷᠠᠯᠳᠤᠭᠤᠯᠪᠠ᠃

1745890886844050339.jpg

    ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠠᠶᠤᠯᠭᠦᠢ

ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠ ᠤᠢ ᠰᠢᠭᠤᠢ ᠨᠤᠲᠤᠭ ᠪᠡᠯᠴᠢᠭᠡᠷ ᠤᠨ ᠭᠠᠯ ᠢ

ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠣᠳᠣᠬᠠᠨ ᠤ

ᠠᠶᠤᠯᠭᠦᠢ ᠦᠢᠯᠡᠳᠪᠦᠷᠢᠯᠡᠯ ᠤᠨ ᠠᠵᠢᠯ᠂ 2024 ᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ

ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠶᠡᠷᠦᠩᠬᠡᠢ ᠪᠠᠶᠢᠳᠠᠯ ᠢ

ᠮᠡᠳᠡᠭᠳᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠵᠠᠢ᠃

    ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ

ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠴᠠᠭ ᠠᠭᠤᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ

᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠶ ᠰᠢᠭᠤᠶ ᠨᠤᠲᠤᠭ

ᠪᠡᠯᠴᠢᠭᠡᠷ ᠤᠨ ᠲᠣᠪᠴᠢᠶ᠎ᠠ ᠲᠣᠰ ᠲᠣᠰ ᠠᠶᠤᠯ ᠥᠬᠡᠶ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ

ᠲᠡᠮᠡᠴᠡᠬᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠲᠣᠭᠤᠷᠢᠨ ᠳᠤ ᠰᠠᠨᠠᠯ ᠢᠶᠠᠨ

ᠰᠣᠯᠢᠯᠴᠠᠵᠤ ᠶᠠᠷᠢᠶ᠎ᠠ ᠲᠠᠯᠪᠢᠪᠠ᠃

    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠨ ᠴᠢᠩᠭ᠎ᠠ

ᠪᠣᠳᠠᠲᠠᠢ ᠠᠳᠬᠤᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ

ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠬᠠᠮᠢᠶᠠᠷᠴᠤ ᠭᠤᠷᠪᠠ ᠶᠢ

ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠣᠨᠣᠷ ᠰᠡᠷᠡᠮᠵᠢ ᠲᠠᠢ ᠪᠠᠶᠢᠬᠤ ᠶᠢ ᠢᠮᠠᠭᠲᠠ ᠪᠠᠲᠤᠯᠠᠵᠤ

᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠶᠢ

ᠱᠠᠯᠠᠪᠳᠠᠭᠤᠯᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠲᠦᠷᠢᠮ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ

ᠬᠠᠷᠢᠭᠤᠴᠠᠯᠭ᠎ᠠ ᠶᠢ ᠢᠮᠠᠭᠲᠠ ᠭᠠᠷ ᠲᠠᠭᠠᠨ ᠠᠳᠬᠤᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ

ᠪᠠᠶᠢᠭᠠᠳ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠲᠤ ᠴᠣᠭᠴᠠᠯᠠᠬᠤ ᠬᠡᠷᠡᠭᠲᠡᠢ ᠭᠡᠵᠦ

ᠱᠠᠭᠠᠷᠳᠠᠪᠠ᠃

    ᠬᠤᠷᠠᠯ ᠠᠴᠠ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠤᠢ ᠰᠢᠭᠤᠢ ᠨᠤᠲᠤᠭ ᠪᠡᠯᠴᠢᠭᠡᠷ ᠤᠨ

ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠢᠮᠠᠭᠲᠠ ᠲᠤᠪᠤᠶᠢᠮ᠎ᠠ ᠪᠠᠶᠢᠷᠢᠨ ᠳᠤ ᠲᠠᠯᠪᠢᠵᠤ ᠪᠣᠳᠠᠲᠠᠢ ᠨᠠᠷᠢᠯᠢᠭ

ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ

ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠶᠢᠨ ᠬᠢᠨ ᠦᠶᠡᠷ ᠢ ᠰᠡᠷᠭᠡᠶᠢᠯᠡᠬᠦ ᠪᠠ ᠤᠢ ᠰᠢᠭᠤᠢ ᠨᠤᠲᠤᠭ ᠪᠡᠯᠴᠢᠭᠡᠷ ᠤᠨ

ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ

ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠢᠯᠣᠭᠤᠳᠤᠨ ᠲᠣᠬᠢᠷᠠᠭᠤᠯᠬᠤ ᠪᠠ ᠵᠣᠬᠢᠴᠠᠭᠤᠯᠤᠨ ᠬᠠᠮᠵᠢᠯᠴᠠᠬᠤ ᠪᠠᠨ

ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠤᠢ ᠰᠢᠭᠤᠢ ᠨᠤᠲᠤᠭ ᠪᠡᠯᠴᠢᠭᠡᠷ ᠤᠨ

ᠭᠠᠯ ᠢ ᠰᠡᠷᠭᠡᠶᠢᠯᠡᠵᠦ ᠭᠠᠯ ᠤᠨᠲᠠᠷᠠᠭᠠᠬᠤ ᠠᠵᠢᠯ ᠤᠨ ᠵᠢᠯᠣᠭᠤᠳᠬᠤ ᠰᠢᠰᠲ᠋ᠧᠮ ᠪᠣᠯᠤᠨ ᠵᠣᠬᠢᠴᠠᠭᠤᠯᠬᠤ ᠲᠣᠭᠲᠠᠴᠠ ᠶᠢ

ᠴᠢᠨᠠᠭᠰᠢᠳᠠ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂

ᠬᠥᠭᠵᠢᠯᠲᠡ ᠶᠢ ᠠᠬᠢᠭᠤᠯᠬᠤ᠂ ᠠᠮᠤᠷ ᠲᠦᠪᠰᠢᠨ ᠢ ᠪᠠᠲᠤᠯᠠᠬᠤ ᠳᠤ ᠲᠤᠯᠭᠠᠭᠤᠷᠢᠯᠠᠯ ᠬᠠᠩᠭᠠᠬᠤ ᠬᠡᠷᠡᠭᠲᠡᠢ᠃

    ᠬᠤᠷᠠᠯ ᠠᠴᠠ᠂ ︽5•5︾ ᠶᠢᠨ ᠠᠮᠠᠷᠠᠯᠲᠠ ᠶᠢᠨ ᠬᠤᠭᠤᠴᠠᠭ᠎ᠠ ᠬᠦᠷᠴᠦ ᠢᠷᠡᠯ᠎ᠡ᠃ ᠡᠯ᠎ᠡ ᠰᠢᠶᠠᠩ ᠪᠠᠯᠭᠠᠰᠤ᠂

ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂

ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠰᠡᠳᠬᠢᠴᠡ ᠶᠢ ᠡᠷᠡᠰ ᠲᠡᠪᠴᠢᠵᠦ᠂ ᠭᠤᠣᠯᠳᠠᠯᠭ᠎ᠠ ᠲᠠᠢ ᠬᠦᠷᠢᠶ᠎ᠡ

᠂ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ

ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠨᠡᠩ ᠬᠦᠴᠦᠲᠡᠢ ᠠᠷᠭ᠎ᠠ ᠬᠡᠮᠵᠢᠶ᠎ᠡ ᠠᠪᠴᠤ᠂ ᠠᠶᠤᠯᠭᠦᠢ

ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠯ᠎ᠡ ᠲᠦᠷᠦᠯ ᠤᠨ

ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃

    ᠵᠠᠰᠠᠭ ᠤᠨ ᠣᠷᠳᠣᠨ ᠤ ᠭᠡᠷ ᠲᠡᠭᠡᠨ ᠪᠠᠶᠢᠭ᠎ᠠ ᠤᠳᠤᠷᠢᠳᠬᠤ ᠪᠠᠭ ᠤᠨ ᠪᠦᠷᠢᠯᠳᠦᠬᠦᠨ︔ ᠰᠢᠶᠠᠨ ᠤ ᠠᠶᠤᠯᠭᠦᠢ

ᠦᠢᠯᠡᠳᠪᠦᠷᠢᠯᠡᠯ ᠤᠨ ᠵᠥᠪᠯᠡᠯ᠂ ᠰᠢᠶᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ

ᠵᠥᠪᠯᠡᠯ ᠤᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ︔ ᠰᠢᠶᠠᠨ ᠳᠤ ᠰᠠᠭᠤᠭ᠎ᠠ ᠭᠤᠣᠯᠳᠠᠯᠭ᠎ᠠ ᠲᠠᠢ ᠠᠵᠤ

ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ 

 ᠢᠷᠡᠯᠲᠡ᠄ ᠠᠮᠢᠵᠢᠷᠠᠯ ᠤᠨ ᠬᠦᠴᠦᠨ ᠤ ᠬᠤᠸᠠᠳᠧ

 ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠣᠨ

 ᠣᠷᠴᠢᠭᠤᠯᠤᠭᠴᠢ᠄ ᠭᠠᠩᠭ᠎ᠠ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2