5 ᠰᠠᠷ᠎ᠠ ᠶᠢᠨ 21 ᠤ ᠡᠳᠦᠷ ᠬᠤᠤ ᠠᠳ ᠸ᠊ ᠱᠢᠶᠠᠩ ᠠᠩᠬᠠᠳᠠᠭᠴᠢ ᠤᠳᠠᠭᠠᠨ ᠤ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠤᠭᠲᠤᠬᠤ ᠪᠣᠯᠤᠨ᠎ᠠ᠃ ᠲᠣᠰ ᠠᠵᠢᠯ ᠢ | ᠲᠣᠭᠲᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 15 ᠤ ᠡᠳᠦᠷ᠂ | ᠬᠤᠸᠠᠳᠧ ᠰᠢᠶᠠᠨ ᠤ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠴᠠᠢ ᠬᠤᠩ ᠪᠥᠸᠧ ᠪᠦᠯᠬᠦᠮ ᠳᠠᠭᠠᠭᠤᠯᠤᠨ | ᠤᠷᠢᠳ ᠬᠤᠵᠢᠳ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ | ᠪᠠᠭ᠎ᠠ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ᠂ ᠨᠢᠭᠡᠳᠦᠭᠡᠷ ᠪᠠᠭ᠎ᠠ ᠰᠤᠷᠭᠠᠭᠤᠯᠢ ᠵᠡᠷᠭᠡ ᠲᠠᠪᠤᠨ ᠥᠯᠢᠭᠡᠷ | ᠡᠳ᠋ ᠤᠨ ᠰᠤᠷᠭᠠᠭᠤᠯᠢ ᠳᠤ ᠭᠦᠨᠵᠡᠭᠡᠶᠢᠷᠡᠵᠦ᠂ ᠬᠢᠨᠠᠨ ᠬᠡᠮᠵᠢᠯᠲᠡ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠳᠤ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠰᠢᠶᠠᠨ ᠤ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠼᠤᠤ ᠳ᠋ᠧᠩ ᠹᠧᠩ᠂ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠲᠠᠰᠤᠭ ᠤᠨ ᠬᠠᠷᠢᠭᠤᠴᠠᠯᠭᠠᠲᠠᠨ ᠵᠢᠴᠢ | ᠥᠯᠢᠭᠡᠷ ᠡᠳ᠋ ᠤᠨ ᠰᠤᠷᠭᠠᠭᠤᠯᠢ ᠶᠢᠨ ᠵᠠᠬᠢᠷᠤᠯ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | ᠬᠦᠷᠦᠭᠰᠡᠨ ᠭᠠᠵᠠᠷ ᠪᠣᠯᠭᠠᠨ ᠳᠤ᠂ ᠴᠠᠢ ᠰᠢᠶᠠᠨ ᠤ ᠳᠠᠷᠤᠭ᠎ᠠ ᠪᠦᠷ ᠲᠥᠬᠦᠭᠡᠷᠦᠮᠵᠢ ᠶᠢᠨ ᠪᠠᠲᠤᠯᠠᠭ᠎ᠠ᠂ ᠰᠢᠯᠭᠠᠯᠲᠠ ᠶᠢᠨ | ᠲᠠᠯᠠᠪᠠᠢ ᠶᠢᠨ ᠪᠠᠶᠢᠷᠢᠯᠠᠭᠤᠯᠤᠯᠲᠠ᠂ ᠠᠵᠢᠯᠳᠠᠨ ᠤ ᠪᠠᠶᠢᠷᠢᠯᠠᠭᠤᠯᠤᠯᠲᠠ᠂ ᠨᠢᠭᠤᠴᠠ ᠶᠢ ᠬᠠᠮᠠᠭᠠᠯᠠᠬᠤ ᠬᠠᠮᠢᠶᠠᠷᠤᠯᠲᠠ ᠵᠡᠷᠭᠡ | ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠬᠢᠵᠦ ᠵᠢᠭᠠᠨ | ᠵᠢᠯᠣᠭᠤᠳᠪᠠ᠃ ᠲᠡᠷᠡ ᠺᠣᠮᠫᠢᠦ᠋ᠲ᠋ᠧᠷ ᠤᠨ ᠲᠥᠬᠦᠭᠡᠷᠦᠮᠵᠢ ᠶᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ᠂ ᠡᠯ᠎ᠡ | ᠬᠢᠨᠠᠨ ᠬᠡᠮᠵᠢᠬᠦ ᠠᠵᠢᠯᠲᠠᠨ ᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠵᠢᠴᠢ ᠬᠡᠮᠵᠢᠨ ᠲᠤᠷᠰᠢᠬᠤ ᠰᠢᠰᠲ᠋ᠧᠮ ᠤᠨ | ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠰᠢᠯᠭᠠᠯᠲᠠ ᠶᠢᠨ ᠲᠠᠯᠠᠪᠠᠶ ᠶᠢᠨ ᠣᠷᠴᠢᠨ ᠲᠣᠭᠤᠷᠢᠨ ᠵᠢᠴᠢ ᠣᠷᠣᠨ | ᠪᠠᠶᠢᠷᠢ ᠶᠢᠨ ᠳ᠋ᠤᠭᠠᠷ ᠲᠤ ᠨᠠᠭᠠᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠰᠢᠯᠭᠠᠨ ᠲᠤᠷᠰᠢᠬᠤ ᠠᠵᠢᠯ ᠤᠨ | ᠨᠢᠭᠤᠴᠠ ᠶᠢ ᠬᠠᠮᠠᠭᠠᠯᠠᠬᠤ ᠲᠥᠬᠦᠭᠡᠷᠦᠮᠵᠢ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ | ᠴᠠᠢ ᠰᠢᠶᠠᠨ ᠤ ᠳᠠᠷᠤᠭ᠎ᠠ ᠴᠢᠬᠤᠯᠠᠴᠢᠯᠠᠭᠰᠠᠨ ᠨᠢ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ | ᠴᠢᠨᠠᠷ ᠢ ᠬᠢᠨᠠᠨ ᠬᠡᠮᠵᠢᠬᠦ ᠪᠣᠯ ᠨᠢᠭᠡ ᠵᠦᠢᠯ ᠤᠨ ᠲᠥᠪ ᠴᠢᠩᠭ᠎ᠠ ᠤᠯᠤᠰ ᠲᠥᠷᠥ ᠶᠢᠨ ᠡᠭᠦᠷᠭᠡ ᠮᠥᠨ᠂ ᠡᠯ᠎ᠡ ᠰᠤᠷᠭᠠᠭᠤᠯᠢ | ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ | ᠬᠢᠨᠠᠨ ᠬᠡᠮᠵᠢᠬᠦ ᠠᠵᠢᠯ ᠤᠨ ᠭᠤᠭᠴᠤᠭ᠎ᠠ ᠨᠢᠭᠡᠪᠦᠷᠢ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠬᠢᠨᠠᠨ ᠬᠡᠮᠵᠢᠬᠦ ᠶᠠᠪᠤᠴᠠ ᠶᠢᠨ | ᠵᠢᠷᠤᠮᠵᠢᠯ ᠲᠠᠢ ᠴᠢᠩᠭ᠎ᠠ ᠨᠢᠮᠪᠠᠢ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠡᠯ᠎ᠡ ᠰᠤᠷᠭᠠᠭᠤᠯᠢ ᠨᠤᠭᠤᠳ ᠮᠡᠷᠭᠡᠵᠢᠯ ᠤᠨ ᠪᠠᠲᠤᠯᠠᠭ᠎ᠠ ᠶᠢᠨ ᠲᠤᠰᠬᠠᠶ ᠠᠩᠭᠢ ᠪᠠᠶᠢᠭᠤᠯᠵᠤ᠂ | ᠲᠤᠰᠬᠠᠶ ᠮᠡᠷᠭᠡᠵᠢᠯ ᠤᠨ ᠠᠵᠢᠯᠲᠠᠨ ᠤ ᠪᠥᠬᠦ ᠶᠠᠪᠤᠴᠠ ᠶᠢᠨ ᠵᠢᠵᠢᠭᠦᠷᠯᠡᠨ ᠰᠠᠬᠢᠬᠤ ᠶᠢ ᠳᠣᠭᠢᠷᠠᠭᠤᠯᠤᠨ᠂ ᠲᠥᠬᠦᠭᠡᠷᠦᠮᠵᠢ ᠶᠢ | ᠳᠣᠭᠢᠷᠠᠭᠤᠯᠤᠨ ᠲᠤᠷᠰᠢᠬᠤ ᠪᠠ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠤᠷᠢᠳᠴᠢᠯᠠᠨ ᠰᠠᠶᠢᠲᠤᠷ ᠬᠢᠵᠦ᠂ | ᠰᠢᠯᠭᠠᠯᠲᠠ ᠶᠢᠨ ᠬᠤᠭᠤᠴᠠᠭᠠᠨ ᠳᠠᠬᠢ ᠰᠢᠰᠲ᠋ᠧᠮ ᠤᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠣᠰ ᠤᠳᠠᠭᠠᠨ ᠤ ᠲᠤᠰᠬᠠᠶ ᠪᠠᠶᠢᠴᠠᠭᠠᠨ ᠰᠤᠳᠤᠯᠤᠯᠲᠠ ᠨᠢ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠶ᠋ᠴᠡᠳ ᠢᠯᠡᠷᠡᠭᠦᠯᠵᠦ᠂ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠤᠷᠤᠭᠰᠢᠲᠠᠶ | ᠬᠡᠷᠡᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ | ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠡᠯᠡᠳᠬᠡᠯ ᠠᠵᠢᠯ ᠢᠶᠠᠨ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠠᠮᠤᠭ ᠤᠨ ᠰᠠᠶᠢᠨ ᠪᠠᠶᠢᠳᠠᠯ ᠢᠶᠠᠷ ᠬᠢᠨᠠᠨ ᠬᠡᠮᠵᠢᠯᠲᠡ ᠶᠢ ᠤᠭᠲᠤᠵᠤ᠂ ᠪᠥᠬᠦ ᠰᠢᠶᠠᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠰᠠᠭᠤᠷᠢ ᠲᠠᠯᠪᠢᠨ᠎ᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | |