ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠰᠢᠶᠠᠨ ᠤ ᠨᠠᠮ ᠵᠠᠰᠠᠭ ᠤᠨ ᠺᠠᠳ᠋ᠷ ᠵᠢᠴᠢ ᠲᠣᠰᠬᠤᠨ ᠳᠤ | ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠭᠡᠰᠢᠭᠦᠳ ᠤᠨ ᠤᠯᠤᠰ ᠲᠦᠷᠦ ᠶᠢᠨ ᠬᠡᠪ ᠴᠢᠨᠠᠷ ᠪᠣᠯᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠵᠡᠭᠦᠨ ᠪᠠᠷᠠᠭᠤᠨ ᠣᠷᠣᠨ ᠤ | ᠬᠠᠮᠵᠢᠯᠴᠠᠭᠠᠨ ᠤ ᠦᠷ᠎ᠡ ᠪᠦᠲᠦᠭᠡᠯ ᠢ ᠭᠦᠨᠵᠡᠭᠡᠶᠢᠷᠡᠭᠦᠯᠬᠦ ᠶᠢᠨ ᠲᠥᠯᠥᠭᠡ᠃ 5 ᠰᠠᠷ᠎ᠠ ᠶᠢᠨ 19 ᠤ ᠡᠳᠦᠷ᠂ ᠬᠤᠸᠠᠳᠧ | ᠰᠢᠶᠠᠨ ᠤ 2025 ᠣᠨ ᠤ ᠵᠡᠭᠦᠨ ᠪᠠᠷᠠᠭᠤᠨ ᠣᠷᠣᠨ ᠤ ᠨᠠᠮ ᠵᠠᠰᠠᠭ ᠤᠨ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠠᠵᠢᠯᠯᠠᠬᠤ ᠭᠡᠰᠢᠭᠦᠳ ᠤᠨ ᠪᠣᠯᠪᠠᠰᠤᠷᠠᠯ ᠤᠨ ᠠᠩᠭᠢ ᠰᠢᠶᠠᠨ ᠤ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠵᠢᠩᠬᠢᠨᠢ ᠪᠠᠷ ᠬᠢᠴᠢᠶᠡᠯ ᠡᠬᠢᠯᠡᠪᠡ᠃ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠳ᠋ᠠᠶ ᠰᠤᠷᠤᠯᠭ᠎ᠠ ᠡᠬᠢᠯᠡᠬᠦ | ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ | | ᠸᠠᠩ ᠯᠠ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠᠴᠢᠯᠠᠭᠰᠠᠨ ᠨᠢ᠂ ᠲᠤᠰ ᠤᠳᠠᠭ᠎ᠠ ᠶᠢᠨ ᠪᠣᠯᠪᠠᠰᠤᠷᠠᠯ ᠪᠣᠯ | ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ᠂ ᠬᠤᠸᠠᠳᠧ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠮᠠᠨ ᠤ ᠰᠢᠶᠠᠨ ᠤ ᠺᠠᠳ᠋ᠷ ᠤᠨ ᠡᠩᠨᠡᠭᠡ ᠶᠢᠨ ᠪᠦᠬᠦᠯᠢ ᠴᠣᠭᠴᠠ ᠶᠢᠨ ᠬᠡᠪ | ᠴᠢᠨᠠᠷ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ ᠸᠠᠩ ᠯᠠ ᠳᠡᠳ᠋ ᠰᠢᠶᠠᠨ ᠤ ᠳᠠᠷᠤᠭ᠎ᠠ ᠵᠢᠭᠠᠵᠤ ᠭᠠᠷᠭᠠᠭᠰᠠᠨ ᠨᠢ᠂ ᠪᠥᠬᠦ ᠰᠤᠷᠤᠭᠴᠢᠳ ᠲᠣᠰ ᠤᠳᠠᠭᠠᠨ ᠤ | ᠪᠣᠯᠪᠠᠰᠤᠷᠠᠭᠤᠯᠤᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠰᠤᠷᠤᠯᠴᠠᠯᠭ᠎ᠠ ᠶᠢᠨ ᠬᠠᠷᠢᠭᠤᠴᠠᠯᠭᠠᠲᠤ ᠰᠡᠳᠬᠢᠯᠭᠡ ᠪᠠ | ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠨ᠂ ᠰᠤᠷᠤᠯᠴᠠᠬᠤ ᠠᠵᠠ ᠲᠣᠬᠢᠶᠠᠯ ᠢ ᠨᠠᠨᠳᠢᠩᠨᠠᠵᠤ᠂ ᠰᠤᠷᠤᠯᠴᠠᠬᠤ | ᠣᠪᠣᠷ ᠢᠶᠠᠨ ᠲᠥᠪ ᠪᠣᠯᠭᠠᠵᠤ᠂ ᠰᠤᠷᠤᠯᠴᠠᠬᠤ ᠳᠤ ᠰᠡᠳᠬᠢᠬᠦ᠂ ᠰᠤᠷᠤᠯᠴᠠᠬᠤ ᠳᠤ ᠤᠬᠠᠭᠠᠷᠠᠬᠤ᠂ ᠰᠤᠷᠤᠯᠴᠠᠬᠤ ᠳᠤ | ᠣᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠶ᠃ ᠡᠭᠦᠨ ᠤ ᠬᠠᠮᠲᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ | ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ | ᠬᠦᠴᠦᠨ ᠪᠣᠯᠭᠠᠨ ᠬᠤᠪᠢᠷᠠᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠣᠯᠤᠨ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠸᠠᠳᠧ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃ | ᠪᠣᠯᠪᠠᠰᠤᠷᠠᠭᠤᠯᠤᠯ ᠤᠨ ᠠᠩᠭᠢ ᠶᠢᠨ ᠠᠩᠬᠠᠨ ᠤ ᠬᠢᠴᠢᠶᠡᠯ ᠨᠢ ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠤᠨ | ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠦᠨᠳᠦᠰᠦᠨ ᠣᠨᠣᠯ ᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ | ᠂ ᠳᠡᠳ᠋ ᠫᠷᠤᠹᠧᠰᠰᠤᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠪᠡᠭᠡᠵᠢᠩ ᠬᠤᠲᠠ ᠶᠢᠨ ᠣᠨᠣᠯ ᠤᠨ | ᠤᠬᠠᠭᠤᠯᠤᠨ ᠲᠠᠶᠢᠯᠪᠤᠷᠢᠯᠠᠬᠤ ᠵᠢᠱᠢᠶ᠎ᠡ ᠦᠵᠡᠭᠦᠯᠬᠦ ᠪᠦᠯᠬᠦᠮ ᠤᠨ ᠪᠦᠷᠢᠯᠳᠦᠬᠦᠨ ᠵᠢᠶᠤᠤ ᠰᠢᠶᠠᠩ ᠳ᠋ᠦᠩ ᠫᠷᠤᠹᠧᠰᠰᠤᠷ ᠢ | ᠲᠤᠰᠬᠠᠶᠢᠯᠠᠨ ᠤᠷᠢᠵᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠲᠦᠢᠮᠣ ᠣᠨᠣᠯ︾ ᠢ ᠶᠠᠷᠢᠭᠤᠯᠪᠠ᠃ ᠵᠢᠶᠤᠤ ᠫᠷᠤᠹᠧᠰᠰᠤᠷ ᠤᠨᠤᠯ ᠤᠨ ᠡᠬᠢ ᠰᠤᠷᠪᠤᠯᠵᠢ᠂ | ᠭᠤᠣᠯ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠭᠤᠷᠪᠠᠨ ᠲᠠᠯ᠎ᠠ ᠠᠴᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨ ᠤ | ᠰᠢᠰᠲ᠋ᠧᠮ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠭᠰᠡᠨ ᠪᠥᠭᠡᠳ ᠵᠡᠭᠦᠨ ᠪᠠᠷᠠᠭᠤᠨ ᠣᠷᠣᠨ ᠤ ᠬᠠᠮᠵᠢᠯᠴᠠᠭᠠᠨ ᠤ | ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠲᠦᠷᠦ ᠶᠢᠨ ᠪᠤᠳᠤᠯᠭ᠎ᠠ ᠶᠢ ᠵᠣᠯᠭᠠᠭᠤᠯᠬᠤ ᠪᠠ ᠦᠨᠳᠦᠰᠦᠨ ᠱᠠᠳᠤ ᠶᠢ | ᠨᠠᠶᠢᠳᠠᠪᠤᠷᠢᠵᠢᠭᠤᠯᠬᠤ ᠠᠷᠭ᠎ᠠ ᠵᠠᠮ ᠢ ᠭᠦᠨᠵᠡᠭᠡᠢ ᠵᠠᠳᠠᠯᠤᠭᠰᠠᠨ ᠪᠠᠶᠢᠨ᠎ᠠ᠃ ᠬᠢᠴᠢᠶᠡᠯ ᠨᠢ ᠣᠨᠣᠯ ᠤᠨ ᠦᠨᠳᠦᠷᠴᠡ ᠲᠠᠢ | ᠮᠥᠷᠲᠡᠭᠡᠨ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠣᠶᠢᠷᠠᠳᠤᠵᠤ᠂ ᠰᠤᠷᠤᠭᠴᠢᠳ ᠲᠤ ᠦᠵᠡᠯ ᠰᠠᠨᠠᠭᠠᠨ ᠤ ︽ | ᠲᠣᠰᠣ ᠨᠡᠮᠡᠬᠦ ᠥᠷᠲᠡᠭᠡ︾ ᠪᠠ ᠠᠷᠭ᠎ᠠ ︽ᠪᠠᠭᠠᠵᠢ ᠶᠢᠨ ᠬᠠᠶᠢᠷᠴᠠᠭ︾ ᠬᠠᠩᠭᠠᠪᠠ᠃ ᠲᠤᠰᠬᠠᠶ ᠮᠡᠷᠭᠡᠵᠢᠯᠲᠡᠨ ᠤ | ᠬᠢᠴᠢᠶᠡᠯᠯᠡᠬᠦ ᠠᠴᠠ ᠭᠠᠳᠠᠨ᠎ᠠ᠂ ᠪᠣᠯᠪᠠᠰᠤᠷᠠᠯ ᠤᠨ ᠠᠩᠭᠢ ᠨᠢ ᠪᠠᠰᠠ ᠪᠤᠰᠤᠳ ᠬᠠᠮᠢᠶ᠎ᠠ ᠪᠥᠬᠦᠶ ᠣᠨᠣᠯ ᠤᠨ ᠬᠢᠴᠢᠶᠡᠯ ᠪᠠ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠭᠤᠭᠴᠤᠭ᠎ᠠ ᠶᠢ ᠲᠣᠬᠢᠷᠠᠭᠤᠯᠪᠠ᠃ ᠰᠤᠷᠤᠯᠴᠠᠭᠰᠠᠳ ᠢ | ᠦᠢᠯᠡᠳᠦᠯᠭᠡ ᠶᠢᠨ ᠳᠤᠮᠳᠠ ᠤᠨᠤᠯ ᠤᠨ ᠰᠤᠷᠤᠯᠴᠠᠯᠭ᠎ᠠ ᠪᠠᠨ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠳᠤᠮᠳᠠ ᠴᠢᠳᠠᠪᠤᠷᠢ | ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠦᠢᠯᠡᠳᠦᠯᠭᠡ ᠶᠢᠨ ᠳᠤᠮᠳᠠ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠤᠨ᠎ᠠ | ᠲᠣᠰ ᠤᠳᠠᠭᠠᠨ ᠤ ᠪᠣᠯᠪᠠᠰᠤᠷᠠᠭᠤᠯᠤᠯ ᠪᠣᠯ ᠬᠤᠸᠠᠳᠧ ᠰᠢᠶᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ | ᠪᠡᠭᠡᠵᠢᠩ ᠬᠤᠲᠠ ᠶᠢᠨ ᠳ᠋ᠦᠩ ᠴᠧᠩ ᠲᠣᠭᠤᠷᠢᠭ ᠲᠠᠢ ᠬᠠᠮᠵᠢᠯᠴᠠᠨ ᠰᠣᠯᠢᠯᠴᠠᠬᠤ ᠪᠠᠷ ᠳᠠᠮᠵᠢᠭᠤᠯᠤᠨ᠂ ᠲᠡᠷᠢᠭᠦᠨ ᠤ | ᠣᠶᠢᠯᠠᠭᠠᠭᠳᠠᠬᠤᠨ ᠪᠠ ᠲᠤᠷᠰᠢᠯᠭ᠎ᠠ ᠶᠢ ᠣᠷᠣᠭᠤᠯᠤᠨ ᠠᠪᠴᠢᠷᠠᠵᠤ᠂ ᠮᠠᠨ ᠤ ᠰᠢᠶᠠᠨ ᠤ ᠨᠠᠮ ᠵᠠᠰᠠᠭ ᠤᠨ ᠺᠠᠳ᠋ᠷ ᠵᠢᠴᠢ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠭᠡᠰᠢᠭᠦᠳ ᠤᠨ ᠴᠢᠳᠠᠪᠤᠷᠢ ᠶᠢᠨ ᠳᠡᠭᠡᠭᠰᠢᠯᠡᠯᠲᠡ ᠳᠤ ᠰᠢᠨ᠎ᠡ | ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠡᠭᠦᠨ ᠤ ᠬᠠᠮᠲᠤ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠳᠤ ᠰᠠᠶᠢᠨ | ᠰᠠᠶᠢᠬᠠᠨ ᠰᠤᠷᠤᠯᠴᠠᠵᠤ ᠰᠣᠯᠢᠯᠴᠠᠬᠤ ᠲᠠᠪᠴᠠᠩ ᠢ ᠪᠠᠶᠢᠭᠤᠯᠵᠤ᠂ ᠬᠤᠶᠠᠷ ᠭᠠᠵᠠᠷ ᠤᠨ ᠨᠥᠬᠦᠷᠰᠡᠭ ᠬᠠᠮᠲᠤᠷᠠᠯᠴᠠᠭᠠᠨ ᠤ | ᠬᠠᠷᠢᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠸᠠᠳᠧ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ | ᠲᠣᠰ ᠤᠳᠠᠭᠠᠨ ᠤ ᠪᠣᠯᠪᠠᠰᠤᠷᠠᠭᠤᠯᠤᠯ ᠢ ᠬᠤᠶᠠᠷ ᠬᠤᠭᠤᠴᠠᠭ᠎ᠠ ᠬᠤᠪᠢᠶᠠᠨ ᠥᠷᠨᠢᠭᠦᠯᠵᠦ᠂ ᠬᠤᠭᠤᠴᠠᠭ᠎ᠠ ᠪᠦᠷᠢ ᠪᠥᠬᠦ | ᠰᠢᠶᠠᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠠᠮ ᠵᠠᠰᠠᠭ ᠤᠨ ᠺᠠᠳ᠋ᠷ ᠵᠢᠴᠢ ᠲᠣᠰᠬᠤᠨ ᠳᠤ ᠰᠠᠭᠤᠭ᠎ᠠ ᠨᠢᠭᠡᠳᠦᠭᠡᠷ | ᠱᠦᠵᠢ ᠪᠠ ᠠᠵᠢᠯ ᠤᠨ ᠭᠡᠰᠢᠭᠦᠨ ᠨᠡᠶᠢᠲᠡ 120 ᠭᠠᠷᠤᠶ ᠬᠥᠮᠦᠨ ᠣᠷᠣᠯᠴᠠᠵᠠᠶ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | | |