ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠠᠬᠢᠴᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠩᠨᠡᠭᠡᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ 5 ᠰᠠᠷ᠎ᠠ ᠶᠢᠨ 28 ᠤ ᠡᠳᠦᠷ᠂ ᠪᠦᠬᠦ ᠰᠢᠶᠠᠨ ᠤ ︽ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠵᠢᠴᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ | ᠵᠠᠰᠠᠬᠤ ᠶᠢ ᠠᠬᠢᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠶᠢ ᠰᠢᠶᠠᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠳᠤ ᠡᠷᠬᠢᠯᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠬᠤᠷᠢᠶᠠᠨ ᠤ ᠱᠦᠵᠢ ᠵᠣᠣ ᠵᠢᠶᠠᠨ ᠭᠦᠸᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢᠦ ᠰᠢᠶᠠᠩ ᠶᠠᠩ ᠬᠤᠷᠠᠯ ᠡᠷᠭᠢᠯᠡᠪᠡ᠃ | | ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠵᠤᠤ ᠵᠢᠶᠠᠨ ᠭᠦᠸᠧ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠢ ᠤᠯᠠᠨ ᠲᠦᠮᠡᠨ ᠤ ᠡᠷᠬᠡ ᠠᠰᠢᠭ ᠢ ᠬᠠᠮᠠᠭᠠᠯᠠᠬᠤ᠂ ᠨᠡᠶᠢᠭᠡᠮ ᠤᠨ ᠲᠣᠭᠲᠠᠭᠤᠨ ᠢ ᠠᠬᠢᠭᠤᠯᠬᠤ | ᠡᠬᠢ ᠡᠭᠦᠰᠦᠯ ᠤᠨ ᠴᠢᠨᠠᠷᠲᠠᠢ᠂ ᠰᠠᠭᠤᠷᠢ ᠴᠢᠨᠠᠷᠲᠠᠢ ᠠᠵᠢᠯ ᠪᠣᠯᠭᠠᠨ ᠠᠳᠬᠤᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠬᠠᠤᠯᠢᠵᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ︽ᠡᠷᠬᠡ ᠬᠠᠷᠢᠭᠤᠴᠠᠯᠭ᠎ᠠ ᠲᠣᠳᠣᠷᠬᠠᠢ᠂ | ᠰᠠᠭᠤᠷᠢ ᠲᠤᠭ᠎ᠠ ᠲᠣᠳᠣᠷᠬᠠᠢ᠂ ᠬᠠᠤᠯᠢ ᠶᠣᠰᠣᠭᠠᠷ ᠰᠢᠢᠳᠪᠦᠷᠢᠯᠡᠬᠦ᠂ ᠡᠮᠬᠢ ᠵᠢᠷᠤᠮ ᠰᠠᠶᠢᠨ᠂ ᠤᠯᠠᠨ ᠲᠦᠮᠡᠨ ᠰᠡᠳᠬᠢᠯ | ᠬᠠᠨᠤᠮᠵᠢᠲᠠᠢ ᠪᠠᠶᠢᠬᠤ︾ ᠬᠠᠷᠠᠯᠲᠠ ᠶᠢᠨ ᠲᠣᠭᠤᠷᠢᠨ ᠳᠤ᠂ ᠬᠠᠤᠯᠢᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠵᠠᠬᠢᠳᠠᠯ | ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠢ ᠵᠢᠷᠤᠮᠵᠢᠭᠤᠯᠵᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶᠢᠵᠢᠭᠰᠠᠨ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠪᠣᠯᠪᠠᠰᠤᠷᠠᠭᠤᠯᠤᠯ ᠦᠢᠯᠡᠳᠦᠯᠭᠡ ᠪᠠᠷ | ᠳᠠᠮᠵᠢᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ | ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠳᠠᠶᠠᠭᠠᠷ ᠲᠤ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠭ᠎ᠠ᠂ | ᠬᠠᠤᠯᠢ ᠶᠣᠰᠣᠭᠠᠷ ᠠᠵᠢᠯ ᠶᠠᠪᠤᠳᠠᠯ ᠭᠦᠢᠴᠡᠳᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠵᠢᠷᠤᠮᠵᠢᠯ᠂ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ᠃ | ᠪᠣᠯᠪᠠᠰᠤᠷᠠᠯ ᠤᠨ ᠠᠩᠭᠢ ᠳᠤ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠵᠠᠩ ᠢᠦᠶ | ︽︿ᠲᠦᠷᠢᠮ﹀ ᠢ ᠭᠦᠨᠵᠡᠭᠡᠶ ᠲᠤᠤᠱᠯᠠᠭᠤᠯᠤᠨ ᠬᠡᠷᠡᠭᠵᠢᠭᠦᠯᠵᠦ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ | ᠵᠠᠰᠠᠬᠤ ᠠᠬᠢᠴᠠ ᠶᠢ ᠳᠥᠯᠭᠢᠨ ᠠᠬᠢᠭᠤᠯᠬᠤ︾ ᠪᠠᠷ ᠭᠤᠤᠯ ᠰᠡᠳᠦᠪ ᠪᠣᠯᠭᠠᠵᠤ᠂ ︽ᠲᠦᠷᠢᠮ︾ ᠢ ᠲᠣᠭᠲᠠᠭᠠᠭᠰᠠᠨ ᠠᠬᠤᠶ | ᠪᠠᠶᠢᠳᠠᠯ᠂ ᠴᠢᠬᠤᠯᠠ ᠶᠡᠭᠡ ᠠᠴᠢ ᠬᠤᠯᠪᠣᠭᠳᠠᠯ᠂ ᠭᠤᠤᠯ ᠠᠭᠤᠯᠭ᠎ᠠ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ | ᠱᠠᠭᠠᠷᠳᠠᠯᠭ᠎ᠠ ᠵᠡᠷᠭᠡ ᠲᠠᠯ᠎ᠠ ᠪᠠᠷ ᠭᠤᠤᠯᠯᠠᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠣᠳᠠᠲᠠᠶ ᠬᠡᠷᠡᠭ ᠤᠨ | ᠵᠢᠱᠢᠶ᠎ᠡ ᠲᠠᠢ ᠤᠶᠠᠯᠳᠤᠭᠤᠯᠤᠨ᠂ ᠪᠥᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠶ ᠲᠠᠶᠢᠯᠤᠮᠵᠢ ᠬᠢᠪᠠ᠃ ᠰᠢᠶᠠᠨ ᠤ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ ᠶᠢᠨ ᠠᠵᠢᠯᠲᠠᠨ ᠪᠠᠶ ᡁᠢ ᠪᠦᠦ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠤᠨ | ᠪᠣᠳᠠᠲᠤ ᠠᠵᠢᠯᠯᠠᠭᠠᠨ ᠤ ᠲᠠᠯ᠎ᠠ ᠠᠴᠠ ᠡᠭᠦᠰᠴᠦ᠂ ᠵᠠᠬᠢᠳᠠᠯ ᠰᠤᠷᠪᠤᠯᠵᠢᠯᠠᠭ᠎ᠠ ᠶᠢᠨ ᠵᠦᠶ᠋ᠯᠡᠰ ᠢ ᠭᠥᠯᠢᠶᠡᠨ ᠠᠪᠴᠤ | ᠰᠢᠶ᠋ᠳᠪᠦᠷᠢᠯᠡᠬᠦ᠂ ᠰᠢᠶ᠋ᠳᠪᠦᠷᠢᠯᠡᠬᠦ᠂ ᠰᠢᠮᠳᠠᠭᠤᠯᠤᠨ ᠭᠦᠶ᠋ᠴᠡᠳᠬᠡᠬᠦ ᠵᠡᠷᠭᠡ ᠠᠵᠢᠯ ᠤᠨ ᠶᠠᠪᠤᠴᠠ ᠶᠢ ᠨᠠᠷᠢᠨ ᠲᠠᠶᠢᠯᠪᠤᠷᠢᠯᠠᠵᠤ᠂ | ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠵᠢᠭᠤᠷᠠᠯᠳᠤᠭᠠᠨ ᠢ ᠰᠢᠶ᠋ᠳᠪᠦᠷᠢᠯᠡᠬᠦ ᠬᠡᠷᠡᠭᠯᠡᠭᠡᠨ ᠤ ᠮᠡᠷᠭᠡᠵᠢᠯ ᠪᠠ ᠲᠤᠷᠰᠢᠯᠭ᠎ᠠ ᠶᠢ | ᠬᠤᠪᠢᠶᠠᠯᠴᠠᠪᠠ᠃ | ᠪᠣᠯᠪᠠᠰᠤᠷᠠᠯ ᠳᠤ ᠣᠷᠣᠯᠴᠠᠭᠰᠠᠳ᠂ ᠲᠣᠰ ᠤᠳᠠᠭᠠᠨ ᠤ ᠪᠣᠯᠪᠠᠰᠤᠷᠠᠯ ᠤᠨ ᠠᠭᠤᠯᠭ᠎ᠠ ᠨᠢ ᠨᠠᠷᠢᠨ ᠪᠣᠳᠠᠲᠠᠶ᠂ | ᠬᠠᠨᠳᠤᠯᠭᠠᠲᠤ ᠴᠢᠨᠠᠷ ᠢᠶᠠᠷ ᠴᠢᠩᠭ᠎ᠠ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠬᠢᠷᠢ ᠲᠦᠪᠰᠢᠨ ᠢ | ᠳᠡᠭᠡᠭᠰᠢᠯᠡᠭᠦᠯᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ | ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠥᠬᠦ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ | ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠤᠨ᠎ᠠ ᠭᠡᠵᠦ ᠢᠯᠡᠳᠬᠡᠵᠡᠭᠡᠪᠡ᠃ | ᠡᠯ᠎ᠡ ᠰᠢᠶᠠᠩ ᠪᠠᠯᠭᠠᠰᠤ᠂ ᠰᠢᠶᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠬᠡᠰᠡᠭ | ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ᠲᠤᠰᠬᠠᠶ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠪᠠ᠃ | ᠢᠷᠡᠯᠲᠡ᠄ ᠠᠮᠢᠵᠢᠷᠠᠯ ᠪᠢᠯᠬᠠᠭᠰᠠᠨ ᠬᠤᠸᠠᠳᠧ | ᠵᠣᠬᠢᠶᠠᠭᠴᠢ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ | ᠣᠷᠴᠢᠭᠤᠯᠤᠭᠴᠢ᠄ ᠠᠨᠵᠸᠯ | | |