ᠬᠤᠸᠠᠳᠧ ᠰᠢᠶᠠᠨ ᠤ ᠬᠤᠲᠠ ᠶᠢᠨ ᠲᠣᠭᠤᠷᠢᠭ ᠤᠨ ᠵᠠᠮ ᠰᠡᠯᠪᠢᠨ ᠵᠠᠰᠠᠬᠤ᠂ ᠪᠠᠷᠤᠭᠰᠢᠨ ᠳᠡᠪᠢᠰᠬᠦ ᠵᠢᠴᠢ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ ᠪᠠᠶᠢᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2025/6/12

    ᠬᠤᠲᠠ ᠶᠢᠨ ᠵᠠᠰᠠᠭ ᠤᠨ ᠶᠠᠪᠤᠳᠠᠯ ᠤᠨ ᠵᠠᠮ ᠢ ᠤᠳᠠᠭᠠᠨ ᠵᠢᠯ ᠵᠠᠰᠠᠨ ᠰᠡᠯᠪᠢᠭᠰᠡᠨ ᠦᠭᠡᠢ ᠠᠴᠠ ᠪᠣᠯᠵᠤ᠂

ᠬᠡᠰᠡᠭ ᠪᠣᠷᠣᠭᠠᠨ ᠤ ᠠᠳᠠᠷ ᠬᠠᠭᠠᠯᠪᠤᠷᠢᠯᠠᠬᠤ᠂ ᠬᠤᠳᠳᠤᠭ ᠤᠨ ᠠᠮᠠᠰᠠᠷ ᠢ ᠡᠪᠳᠡᠬᠦ ᠰᠤᠯᠠᠷᠠᠭᠤᠯᠵᠤ᠂ 2025

ᠣᠨ ᠤ 5 ᠰᠠᠷ᠎ᠠ ᠳᠤ ᠬᠤᠸᠠᠳᠧ ᠰᠢᠶᠠᠨ ᠤ ᠬᠤᠲᠠ ᠶᠢᠨ ᠲᠣᠭᠤᠷᠢᠭ ᠤᠨ ᠭᠤᠤᠯ ᠵᠠᠮ᠂ ᠲᠠᠯ᠎ᠠ ᠨᠤᠲᠤᠭ ᠤᠨ ᠯᠢᠳᠦ᠋

ᠡᠮᠦᠨ᠎ᠡ ᠲᠡᠮᠦᠷ ᠵᠠᠮ ᠤᠨ ᠬᠥᠭᠦᠷᠭᠡ ᠶᠢᠨ ᠨᠦᠬᠡ᠂ ᠵᠢᠵᠢᠭ ᠵᠡᠭᠡᠯᠢ ᠵᠢᠵᠢᠭ ᠭᠤᠳᠤᠮᠵᠢ ᠵᠡᠷᠭᠡ ᠬᠤᠲᠣᠭᠤᠷ ᠵᠠᠮ ᠢ

ᠵᠠᠯᠭᠠᠭ᠎ᠠ ᠪᠠᠷ ᠰᠡᠯᠪᠢᠨ ᠵᠠᠰᠠᠬᠤ ᠪᠠᠷ ᠲᠥᠯᠥᠪᠯᠡᠵᠦ᠂ ᠡᠪᠳᠡᠷᠬᠡᠶ ᠪᠣᠷᠣᠭᠠᠨ ᠤ ᠠᠳᠠᠷ ᠬᠠᠭᠠᠯᠪᠤᠷᠢᠯᠠᠬᠤ᠂

ᠬᠤᠳᠳᠤᠭ ᠤᠨ ᠠᠮᠠᠰᠠᠷ ᠢ ᠰᠣᠯᠢᠵᠤ᠂ 2024 ᠣᠨ ᠳᠤ ᠬᠡᠷᠡᠭᠵᠢᠭᠦᠯᠵᠦ ᠳᠠᠭᠤᠰᠤᠭᠠᠳᠤᠶ ᠪᠣᠷᠣᠭᠠᠨ ᠤ ᠤᠰᠤᠨ ᠤ

ᠬᠤᠭᠤᠯᠠᠶ ᠶᠢᠨ ᠲᠣᠤᠷ ᠤᠨ ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠪᠥᠲᠥᠭᠡᠨ ᠪᠠᠶᠢᠭᠤᠯᠵᠤ᠂ ᠲᠥᠷᠥᠯ ᠵᠦᠢᠯ

ᠳᠠᠭᠤᠰᠤᠭᠰᠠᠨ ᠤ ᠳᠠᠷᠠᠭ᠎ᠠ ᠰᠢᠨ᠎ᠡ ᠪᠠᠷ ᠪᠠᠶᠢᠭᠤᠯᠤᠭᠰᠠᠨ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ ᠪᠣᠶ

ᠪᠥᠬᠦᠶ ᠵᠠᠮ ᠳᠤ ᠪᠠᠷᠤᠭᠰᠢᠨ ᠳᠡᠪᠢᠰᠬᠦ ᠪᠠᠷ ᠲᠥᠯᠥᠪᠯᠡᠵᠦ ᠪᠣᠶ᠃

    ᠪᠠᠷᠢᠯᠭ᠎ᠠ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ︽

ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾

ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ

ᠬᠠᠤᠯᠢ ᠶᠢ ᠬᠡᠷᠡᠭᠵᠢᠭᠦᠯᠬᠦ ᠲᠦᠷᠢᠮ ᠤᠨ ᠬᠤᠯᠪᠣᠭᠳᠠᠯ ᠪᠥᠬᠦᠶ ᠲᠣᠭᠲᠠᠭᠠᠯ︾ ᠢ ᠦᠨᠳᠦᠰᠦᠯᠡᠨ᠂ ᠪᠠᠷᠢᠯᠭ᠎ᠠ ᠶᠢᠨ

ᠠᠬᠢᠴᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠬᠤᠸᠠᠳᠧ ᠰᠢᠶᠠᠨ ᠤ ᠴᠠᠩ ᠱᠧᠩ ᠶᠡᠭᠡ ᠵᠡᠭᠡᠯᠢ ︵ᠱᠦᠨ ᠢ

ᠵᠠᠮ - ᠶᠢᠩ ᠪᠢᠨ ᠵᠠᠮ︶᠂ ᠴᠠᠩ ᠰᠢᠩ ᠶᠡᠭᠡ ᠵᠡᠭᠡᠯᠢ ︵ᠶᠢᠩ ᠪᠢᠨ ᠵᠠᠮ︶᠂ ᠴᠠᠩ ᠱᠦᠨ ᠶᠡᠭᠡ ᠵᠡᠭᠡᠯᠢ ︵

ᠪᠥᠲᠥᠭᠡᠨ ᠪᠠᠶᠢᠭᠤᠯᠤᠯᠲᠠ ᠶᠢᠨ ᠵᠠᠮ - ᠶᠢᠩ ᠪᠢᠨ ᠵᠠᠮ︶᠂ ᠴᠠᠩ ᠱᠦᠨ ᠶᠡᠭᠡ ᠵᠡᠭᠡᠯᠢ ︵ᠪᠥᠲᠥᠭᠡᠨ

ᠪᠠᠶᠢᠭᠤᠯᠤᠯᠲᠠ ᠶᠢᠨ ᠵᠠᠮ - ᠶᠢᠩ ᠪᠢᠨ ᠵᠠᠮ︶᠂ ᠵᠢᠶᠠᠨ ᠪᠢᠨ ᠶᠡᠭᠡ ᠵᠡᠭᠡᠯᠢ ︵ᠴᠠᠩ ᠱᠦᠨ ᠶᠡᠭᠡ ᠵᠡᠭᠡᠯᠢ -

ᠴᠠᠩᠱᠦ᠋ᠨ ᠶᠡᠭᠡ ᠵᠡᠭᠡᠯᠢ︶᠂ ᠪᠥᠲᠥᠭᠡᠨ ᠪᠠᠶᠢᠭᠤᠯᠤᠯᠲᠠ ᠶᠢᠨ ᠵᠠᠮ ︵ᠴᠠᠩ ᠱᠦᠨ ᠶᠡᠭᠡ ᠵᠡᠭᠡᠯᠢ - ᠴᠠᠩᠱᠦ᠋ᠨ ᠶᠡᠭᠡ

ᠵᠡᠭᠡᠯᠢ︶᠂ ᠵᠤᠴᠢᠨ ᠤᠭᠲᠤᠬᠤ ᠵᠠᠮ ︵ᠢ ᠮᠢᠨ ᠶᠡᠭᠡ ᠵᠡᠭᠡᠯᠢ ᠠᠴᠠ ᠡᠮᠦᠨᠡᠰᠢᠬᠢ ᠵᠠᠮ︶ ᠵᠡᠷᠭᠡ ᠵᠠᠮ ᠢ ᠵᠠᠯᠭᠠᠭ᠎ᠠ ᠪᠠᠷ

ᠪᠢᠲᠡᠭᠦᠮᠵᠢᠯᠡᠨ ᠪᠠᠶᠢᠭᠤᠯᠵᠤ᠂ ᠪᠠᠷᠢᠯᠭ᠎ᠠ ᠶᠢᠨ ᠬᠤᠭᠤᠴᠠᠭ᠎ᠠ ᠶᠢ 2025 ᠣᠨ ᠤ 5 ᠳ᠋ᠤᠭᠠᠷ ᠰᠠᠷ᠎ᠠ - 2025

ᠣᠨ ᠤ 10 ᠳ᠋ᠤᠭᠠᠷ ᠰᠠᠷ᠎ᠠ ᠳᠤ ᠪᠡᠶᠡᠯᠡᠭᠦᠯᠬᠦ ᠪᠠᠷ ᠲᠥᠯᠥᠪᠯᠡᠵᠦ᠂ ᠪᠣᠳᠠᠲᠠᠶ ᠵᠠᠮ ᠢ ᠪᠢᠲᠡᠭᠦᠮᠵᠢᠯᠡᠬᠦ ᠴᠠᠭ ᠢ

ᠪᠠᠷᠢᠯᠭ᠎ᠠ ᠶᠢᠨ ᠠᠬᠢᠴᠠ ᠪᠠᠷ ᠪᠠᠷᠢᠮᠵᠢᠶ᠎ᠠ ᠪᠣᠯᠭᠠᠨ᠎ᠠ᠃

    ᠵᠠᠮ ᠢ ᠪᠢᠲᠡᠭᠦᠮᠵᠢᠯᠡᠵᠦ ᠪᠠᠷᠢᠯᠭ᠎ᠠ ᠪᠠᠷᠢᠵᠤ ᠪᠠᠶᠢᠭ᠎ᠠ ᠬᠤᠭᠤᠴᠠᠭᠠᠨ ᠳᠤ᠂ ᠲᠡᠷᠭᠡ ᠬᠥᠰᠬᠡ ᠬᠥᠮᠦᠨ ᠶᠠᠪᠤᠬᠤ ᠶᠢ

ᠴᠠᠭᠠᠵᠠᠯᠠᠬᠤ ᠬᠡᠷᠡᠭᠲᠡᠶ᠃

    ᠣᠨᠴᠠᠭᠠᠶᠢᠯᠠᠨ ᠵᠠᠷᠯᠠᠪᠠ︕

   

ᠢᠷᠡᠯᠲᠡ᠄ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ

ᠲᠣᠪᠴᠢᠶ᠎ᠠ

ᠵᠣᠬᠢᠶᠠᠭᠴᠢ᠄ ᠬᠤᠸᠠᠳᠧ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ

ᠲᠣᠪᠴᠢᠶ᠎ᠠ

ᠣᠷᠴᠢᠭᠤᠯᠤᠭᠴᠢ᠄ ᠭᠠᠩᠭ᠎ᠠ 

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2