ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠶᠠᠮᠤᠨ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ 2025 ᠣᠨ ᠤ 4 ᠰᠠᠷ᠎ᠠ ᠠᠴᠠ 10 | ᠰᠠᠷ᠎ᠠ ᠪᠣᠯᠲᠠᠯ᠎ᠠ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠪᠠᠬᠢᠯᠡᠯᠲᠡ ᠶᠢ ᠴᠡᠪᠡᠷᠯᠡᠨ ᠴᠡᠭᠴᠡᠯᠡᠬᠦ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ | ᠲᠣᠰ ᠡᠳᠦᠷ ᠠᠴᠠ ᠡᠬᠢᠯᠡᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠦᠨ᠎ᠡ᠃ | ᠨᠢᠭᠡ᠂ ᠡᠯᠰᠡᠬᠦ ᠬᠡᠪᠴᠢᠶ᠎ᠡ | ︵ᠨᠢᠭᠡ︶ ᠤᠯᠤᠰ ᠤᠨ ᠳᠠᠪᠬᠤᠷᠭ᠎ᠠ ᠨᠢᠭᠡᠨᠲᠡ ᠴᠢᠯᠦᠭᠡᠲᠡᠢ ᠪᠣᠯᠣᠭᠰᠠᠨ ᠪᠣᠯᠪᠠᠴᠤ ᠣᠷᠣᠨ ᠨᠤᠲᠤᠭ ᠬᠢᠨᠠᠨ | ᠵᠥᠪᠰᠢᠶᠡᠷᠡᠵᠦ ᠪᠠᠢᠨ᠎ᠠ᠃ | ︵ᠬᠤᠶᠠᠷ︶ ᠬᠢᠨᠠᠨ ᠵᠥᠪᠰᠢᠶᠡᠷᠡᠬᠦ ᠨᠢ ᠬᠠᠤᠯᠢ ᠴᠠᠭᠠᠵᠠ ᠶᠢᠨ ᠬᠦᠴᠦᠨ ᠬᠦᠷᠦᠯᠴᠡᠬᠦ ᠦᠭᠡᠢ︔ | ︵ᠭᠤᠷᠪᠠ︶ ᠠᠵᠢᠯ ᠲᠥᠷᠥᠯ ᠤᠨ ᠪᠠᠬᠢᠯᠡᠯᠲᠡ ᠨᠢ ᠵᠥᠪᠰᠢᠶᠡᠷᠡᠨ ᠣᠷᠣᠭᠤᠯᠬᠤ ᠳᠦᠷᠢᠮ ᠢ ᠡᠷᠬᠡ ᠲᠡᠭᠰᠢ ᠪᠤᠰᠤ | ᠪᠣᠯᠭᠠᠵᠠᠢ︔ | ︵ᠲᠦᠷᠪᠡ︶ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠬᠦᠷᠦᠯᠴᠡᠬᠦ ᠦᠭᠡᠢ ᠪᠠᠶᠢᠵᠤ | ᠬᠢᠨᠠᠨ ᠵᠥᠪᠰᠢᠶᠡᠷᠡᠬᠦ ᠵᠣᠷᠢᠭ ᠦᠭᠡᠢ︔ | ︵ᠲᠠᠪᠤ︶ ᠬᠢᠨᠠᠨ ᠵᠥᠪᠰᠢᠶᠡᠷᠡᠬᠦ ᠬᠡᠪᠴᠢᠶ᠎ᠡ ᠶᠢ ᠲᠣᠭᠲᠠᠭᠠᠯ ᠠᠴᠠ ᠵᠥᠷᠢᠴᠡᠨ ᠥᠷᠭᠡᠳᠬᠡᠬᠦ᠂ ᠬᠤᠪᠢᠷᠠᠭᠤᠯᠬᠤ | ᠪᠤᠶᠤ ᠬᠢᠨᠠᠨ ᠵᠥᠪᠰᠢᠶᠡᠷᠡᠬᠦ ᠨᠥᠬᠦᠴᠡᠯ ᠢ ᠨᠡᠮᠡᠵᠦ ᠲᠣᠬᠢᠷᠠᠭᠤᠯᠬᠤ | ︵ᠵᠢᠷᠭᠤᠭ᠎ᠠ︶ ᠬᠢᠨᠠᠨ ᠵᠥᠪᠰᠢᠶᠡᠷᠡᠬᠦ ᠡᠷᠬᠡ ᠶᠢ ᠳᠣᠷᠣᠭᠰᠢ ᠪᠠᠭᠤᠯᠭᠠᠵᠤ ᠣᠷᠣᠨ ᠪᠦᠰᠡ ᠶᠢᠨ ᠬᠤᠭᠤᠷᠣᠨᠳᠣᠬᠢ | ᠵᠠᠬ᠎ᠠ ᠳᠡᠯᠭᠡᠭᠦᠷ ᠤᠨ ᠪᠠᠬᠢᠯᠡᠯᠲᠡ ᠶᠢ ᠪᠣᠶ ᠪᠣᠯᠭᠠᠨ᠎ᠠ︔ | ︵ᠳᠤᠯᠤᠭ᠎ᠠ︶ ᠭᠠᠳᠠᠷ ᠣᠷᠣᠨ ᠤ ᠠᠵᠤ ᠠᠬᠤᠶᠢᠯᠠᠯ ᠳᠤ ᠵᠥᠪᠰᠢᠶᠡᠷᠡᠨ ᠣᠷᠣᠭᠤᠯᠬᠤ ᠬᠢᠵᠠᠭᠠᠷᠯᠠᠯ ᠵᠣᠬᠢᠶᠠᠨ᠎ᠠ︔ | | ︵ᠨᠠᠢᠮᠠ︶ ᠵᠠᠬ᠎ᠠ ᠲᠡᠯᠬᠡᠭᠦᠷ ᠲᠤ ᠤᠷᠤᠬᠤ ᠵᠦᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠬᠢᠬᠡᠳ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠤᠷᠤᠭᠤᠯᠬᠤ ᠶᠢ ᠵᠦᠪᠰᠢᠶᠡᠷᠡᠨ ᠤᠷᠤᠭᠤᠯᠬᠤ ᠤᠨᠴᠠᠭᠠᠢ | ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠠᠴᠠ ᠵᠦᠷᠢᠴᠡᠵᠦ᠂ ᠲᠤᠨᠨᠳᠠᠭᠠᠯ ᠠᠴᠠ ᠵᠦᠷᠢᠴᠡᠵᠦ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠵᠦᠪᠰᠢᠶᠡᠷᠡᠨ ᠤᠷᠤᠭᠤᠯᠬᠤ ᠬᠢᠵᠠᠭᠠᠷᠯᠠᠯ ᠢ ᠲᠤᠨᠨᠳᠠᠭᠠᠨ᠎ᠠ︔ | ︵ᠶᠢᠰᠦ︶ ᠰᠢᠨ᠎ᠡ ᠡᠵᠡᠩᠨᠡᠯᠲᠡ ᠶᠢᠨ ᠪᠠᠶᠢᠳᠠᠯ ᠰᠢᠨ᠎ᠡ ᠬᠦᠷᠢᠶᠡᠨ ᠤ ᠬᠢᠨᠠᠯᠲᠠ ᠬᠠᠮᠢᠶᠠᠷᠤᠯᠲᠠ ᠶᠢᠨ | ᠬᠤᠭᠤᠰᠣᠨ ᠠᠴᠠ ᠪᠤᠯᠵᠤ ᠵᠠᠰᠠᠭ ᠤᠨ ᠣᠷᠳᠣᠨ ᠭᠠᠵᠠᠷ ᠰᠢᠷᠣᠶ᠂ ᠲᠥᠯᠥᠪᠵᠢᠭᠦᠯᠭᠡ᠂ ᠭᠠᠯ ᠤᠨᠲᠠᠷᠠᠭᠠᠬᠤ ᠵᠡᠷᠭᠡ | ᠡᠯᠧᠮᠧᠨ᠋ᠲ ᠤᠨ ᠪᠠᠲᠤᠯᠠᠭ᠎ᠠ ᠶᠢᠨ ᠭᠤᠭᠴᠤᠭ᠎ᠠ ᠳᠤ ᠠᠵᠢᠯ ᠬᠢᠬᠦ ᠥᠬᠡᠶ᠂ ᠬᠢᠨᠠᠨ ᠵᠥᠪᠰᠢᠶᠡᠷᠡᠬᠦ ᠥᠬᠡᠶ ᠪᠤᠶᠤ ᠬᠢᠨᠠᠨ | ᠵᠥᠪᠰᠢᠶᠡᠷᠡᠬᠦ ᠡᠭᠦᠷᠭᠡ ᠬᠠᠷᠢᠭᠤᠴᠠᠯᠭ᠎ᠠ ᠪᠠᠨ ᠲᠦᠯᠬᠢᠯᠴᠡᠪᠡ︔ | ︵ᠠᠷᠪᠠ︶ ᠣᠷᠣᠬᠤ ᠵᠥᠪᠰᠢᠶᠡᠷᠡᠯ ᠤᠨ ᠱᠠᠭᠠᠷᠳᠠᠯᠭ᠎ᠠ ᠳᠤ ᠵᠥᠷᠢᠴᠡᠯ ᠲᠣᠬᠢᠷᠠᠭᠤᠯᠵᠤ᠂ ᠬᠠᠷᠢᠯᠴᠠᠨ ᠤᠷᠢᠳᠠᠴᠢ | ᠨᠥᠬᠦᠴᠡᠯ ᠪᠣᠯᠭᠠᠨ᠎ᠠ᠃ | ︵ᠠᠷᠪᠠᠨ ᠨᠢᠭᠡ︶ ᠠᠮᠠᠯᠠᠯᠲᠠ ᠶᠢᠨ ᠲᠦᠷᠢᠮ ᠤᠨ ᠬᠢᠨᠠᠨ ᠵᠥᠪᠰᠢᠶᠡᠷᠡᠬᠦ ᠱᠠᠭᠠᠷᠳᠠᠯᠭ᠎ᠠ ᠨᠢ ᠲᠣᠳᠣᠷᠬᠠᠶ ᠥᠬᠡᠶ | ᠪᠥᠭᠡᠳ ᠲᠣᠳᠣᠷᠬᠠᠶ ᠪᠤᠰᠤ ᠪᠠᠶᠢᠵᠤ᠂ ᠡᠵᠡᠩᠨᠡᠯᠲᠡ ᠶᠢᠨ ᠲᠦᠭᠰᠢᠭᠦᠷᠢ ᠶᠢ ᠨᠡᠮᠡᠭᠳᠡᠭᠦᠯᠦᠨ᠎ᠡ︔ | ︵ᠠᠷᠪᠠᠨ ᠬᠤᠶᠠᠷ︶ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠬᠡᠲᠦ ᠥᠨᠳᠥᠷ᠂ ᠬᠢᠨᠠᠨ ᠵᠥᠪᠰᠢᠶᠡᠷᠡᠬᠦ ᠶᠠᠪᠤᠴᠠ | ᠬᠡᠲᠦ ᠤᠷᠲᠤ︔ | ︵ᠠᠷᠪᠠᠨ ᠭᠤᠷᠪᠠ︶ ᠬᠢᠨᠠᠨ ᠵᠥᠪᠰᠢᠶᠡᠷᠡᠬᠦ ᠶᠢ ᠤᠴᠢᠷ ᠰᠢᠯᠲᠠᠭᠠᠨ ᠦᠭᠡᠢ ᠪᠠᠷ ᠤᠳᠠᠭᠠᠰᠢᠷᠠᠭᠤᠯᠤᠭᠰᠠᠨ ᠪᠤᠶᠤ | ᠨᠢᠭᠡᠨᠲᠡ ᠬᠢᠨᠠᠨ ᠵᠥᠪᠰᠢᠶᠡᠷᠡᠬᠦ ᠶᠢ ᠣᠯᠤᠭᠰᠠᠨ ᠪᠣᠯᠪᠠᠴᠤ ᠵᠠᠰᠠᠭ ᠤᠨ ᠣᠷᠳᠣᠨ ᠪᠤᠰᠤᠳ ᠬᠤᠯᠪᠣᠭᠳᠠᠯ ᠪᠦᠬᠦᠢ | ᠭᠠᠷᠳᠠᠮ ᠢ ᠭᠦᠢᠴᠡᠳᠬᠡᠬᠦ ᠶᠢ ᠲᠡᠪᠴᠢᠭᠰᠡᠨ ᠪᠠᠶᠢᠬᠤ ᠬᠡᠷᠡᠭᠲᠡᠢ︔ | ︵ᠠᠷᠪᠠᠨ ᠳᠥᠷᠪᠡᠳᠦᠭᠡᠷ︶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠨᠢᠭᠡᠨᠲᠡ | ᠵᠠᠷᠯᠠᠭᠰᠠᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢ | ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠠᠳᠠᠯᠢᠪᠲᠤᠷ ᠲᠣᠭᠲᠠᠭᠠᠯ ᠠᠴᠠ ᠵᠥᠷᠢᠴᠡᠭᠰᠡᠨ ᠪᠠᠶᠢᠳᠠᠯ︔ | ︵ᠠᠷᠪᠠᠨ ᠲᠠᠪᠤ︶ ᠵᠠᠬ᠎ᠠ ᠵᠡᠭᠡᠯᠢ ᠳᠤ ᠣᠷᠣᠭᠤᠯᠬᠤ ᠶᠢ ᠵᠦᠪᠰᠢᠶᠡᠷᠡᠬᠦ ᠳᠦᠷᠢᠮ ᠤᠨ ᠱᠠᠭᠠᠷᠳᠠᠯᠭ᠎ᠠ ᠠᠴᠠ | ᠵᠥᠷᠢᠴᠡᠭᠰᠡᠨ ᠪᠤᠰᠤᠳ ᠪᠠᠶᠢᠳᠠᠯ ᠤᠳ᠃ | ᠬᠤᠶᠠᠷ᠂ ᠬᠠᠷᠢᠭᠤ ᠲᠤᠰᠬᠠᠬᠤ ᠠᠷᠭ᠎ᠠ ᠵᠠᠮ | ᠡᠵᠡᠩᠨᠡᠯᠲᠡ ᠶᠢᠨ ᠭᠤᠤᠯ ᠴᠣᠭᠴᠠ ᠪᠠ ᠠᠷᠠᠳ ᠣᠯᠠᠨ ᠬᠡᠷᠪᠡ ᠳᠡᠭᠡᠷᠡᠬᠢ ᠠᠰᠠᠭᠤᠳᠠᠯ ᠤᠨ ᠰᠦᠪᠡᠭᠴᠢ ᠶᠢ | ᠡᠵᠡᠮᠰᠢᠪᠡᠯ᠂ ᠳᠣᠤᠷᠠᠬᠢ ᠠᠷᠭ᠎ᠠ ᠵᠠᠮ ᠢᠶᠠᠷ ᠳᠠᠮᠵᠢᠭᠤᠯᠤᠨ ᠲᠤᠰᠬᠠᠵᠤ᠂ ᠬᠤᠯᠪᠣᠭᠳᠠᠯ ᠪᠥᠬᠦᠶ ᠪᠠᠶᠢᠳᠠᠯ ᠢ | ᠦᠨᠡᠨ ᠠᠴᠠ ᠵᠥᠪ ᠢ ᠡᠷᠢᠵᠦ᠂ ᠪᠣᠳᠠᠲᠠᠶ ᠨᠠᠷᠢᠨ ᠵᠦᠢᠯᠡᠰ ᠲᠠᠢ ᠪᠠᠶᠢᠬᠤ ᠬᠡᠷᠡᠭᠲᠡᠶ᠃ | ︵ᠨᠢᠭᠡ︶ ᠤᠯᠤᠰ ᠠᠴᠠ ᠳᠠᠪᠬᠤᠷᠭ᠎ᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠫᠤᠷᠲ᠋ᠤᠯ ᠰᠦᠯᠵᠢᠶ᠎ᠡ ᠶᠢᠨ ︽ᠬᠠᠷᠢᠯᠴᠠᠨ ᠦᠢᠯᠡᠳᠦᠯᠴᠡᠵᠦ ᠰᠠᠨᠠᠯ ᠵᠥᠪᠯᠡᠯᠭᠡ ᠳᠤᠷᠠᠳᠤᠨ ᠠᠷᠭ᠎ᠠ | ᠪᠣᠳᠣᠯᠭ᠎ᠠ ᠠᠪᠬᠤ︾ ᠬᠡᠰᠡᠭ ᠤᠨ ︽ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ | ᠪᠠᠶᠢᠭᠤᠯᠤᠯᠲᠠ ᠶᠢᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠬᠤ︾ ᠲᠤᠰᠬᠠᠶ ᠪᠤᠯᠤᠩ ᠳᠤ ᠭᠠᠷᠴᠤ᠂ ︽ | ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠶᠣᠰᠣᠭᠠᠷ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ ᠶᠢ | ᠬᠠᠷᠰᠢᠯᠠᠬᠤ᠂ ᠪᠤᠴᠠᠭᠠᠨ ᠭᠠᠷᠭᠠᠬᠤ ᠪᠠ ᠨᠡᠭᠦᠯᠭᠡᠨ ᠰᠢᠯᠵᠢᠭᠦᠯᠬᠦ ᠠᠰᠠᠭᠤᠳᠠᠯ︾ ᠤᠨ ᠲᠥᠷᠥᠯ ᠢᠯᠭᠠᠯ ᠢ ᠰᠣᠩᠭᠤᠵᠤ | ᠂ ᠦᠭᠡ ᠦᠯᠡᠳᠡᠭᠡᠵᠦ ᠬᠤᠯᠪᠣᠭᠳᠠᠯ ᠪᠥᠬᠦᠶ ᠪᠠᠶᠢᠳᠠᠯ ᠢ ᠲᠤᠰᠬᠠᠪᠠ᠃ ᠰᠦᠪᠡᠭᠴᠢ ᠴᠤᠭᠯᠠᠭᠤᠯᠬᠤ ᠰᠦᠯᠵᠢᠶᠡᠨ ᠤ | ᠬᠠᠶ᠋ᠢᠭ᠄ https://www.ndrc.gov.cn/xwdt/ztzl/tydscjx/ | ︵ᠬᠤᠶᠠᠷ︶ ᠥᠪᠡᠷᠲᠡᠭᠡᠨ ᠵᠠᠰᠠᠬᠤ ᠣᠷᠣᠨ ᠤ ᠳᠡᠰ ᠳᠠᠪᠬᠤᠷᠭ᠎ᠠ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠰᠦᠯᠵᠢᠶ᠎ᠡ ᠳᠤ ᠣᠷᠣᠵᠤ᠂ ︽ | ᠣᠯᠠᠨ ᠨᠡᠶᠢᠲᠡ ᠪᠠᠷ ᠢᠶᠠᠨ ᠣᠷᠣᠯᠴᠠᠬᠤ - ᠠᠷᠠᠳ ᠤᠨ ᠰᠠᠨᠠᠭ᠎ᠠ ᠶᠢ ᠴᠤᠭᠯᠠᠭᠤᠯᠬᠤ︾ ︵ᠰᠦᠪᠡᠭᠴᠢ ᠴᠤᠭᠯᠠᠭᠤᠯᠬᠤ | ᠰᠦᠯᠵᠢᠶᠡᠨ ᠤ ᠬᠠᠶ᠋ᠢᠭ᠄ https://fgw.nmg.gov.cn/︶ ᠶᠢ ᠰᠣᠩᠭᠤᠪᠠ | ᠬᠠᠷᠢᠯᠴᠠᠬᠤ ᠤᠲᠠᠰᠤ᠄ 0471 - 6659036 0471 - 6659082 | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ ᠬᠥᠭᠵᠢᠯᠲᠡ ᠶᠢᠨ | ᠲᠣᠮᠣ ᠠᠰᠠᠷ ᠤᠨ B ᠰᠠᠭᠤᠳᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ | ᠢᠮᠧᠯ᠄ nmgfgwtgc@163.com | ︵ᠭᠤᠷᠪᠠ︶ ᠠᠶᠢᠮᠠᠭ ᠬᠤᠲᠠ ᠶᠢᠨ ᠲᠠᠰ ᠳᠠᠪᠬᠤᠷᠭ᠎ᠠ᠃ ᠤᠯᠠᠭᠠᠨᠴᠠᠪ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠶᠡᠷᠦᠩᠬᠡᠶᠢᠯᠡᠭᠰᠡᠨ ᠰᠠᠯᠠᠭᠠᠨ ᠳᠤ | ᠬᠤᠯᠪᠣᠭᠳᠠᠯ ᠪᠦᠬᠦᠢ ᠪᠠᠶᠢᠳᠠᠯ ᠢ ᠲᠤᠰᠬᠠᠪᠠ᠃ | ᠤᠲᠠᠰᠤ᠄ 0474 - 8321662 | ᠢᠮᠧᠯ᠄ fgwtgk8842584@163.com | ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠴᠠᠬᠠᠷ ᠪᠠᠷᠠᠭᠤᠨ ᠭᠠᠷᠤᠨ ᠵᠡᠭᠡᠯᠢ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠵᠢᠯᠯᠠᠬᠤ ᠠᠰᠠᠷ | ︵ᠲᠦᠷᠪᠡ︶ ᠬᠤᠰᠢᠭᠤ ᠰᠢᠶᠠᠨ ᠤ ᠳᠠᠪᠬᠤᠷᠭ᠎ᠠ᠃ ᠬᠤᠸᠠᠳᠧ ᠰᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠳᠤ ᠬᠤᠯᠪᠣᠭᠳᠠᠯ ᠪᠦᠬᠦᠢ ᠪᠠᠶᠢᠳᠠᠯ ᠢ ᠲᠤᠰᠬᠠᠨ᠎ᠠ᠃ | ᠤᠲᠠᠰᠤ᠄ 0474 - 7904740 | ᠢᠮᠧᠯ᠄ hdljlj4740@sina.com | ᠬᠠᠶ᠋ᠢᠭ᠄ ᠬᠤᠸᠠᠳᠧ ᠰᠢᠶᠠᠨ ᠤ ᠴᠠᠩᠱᠦ᠋ᠨ ᠪᠠᠯᠭᠠᠰᠤᠨ ᠤ ᠴᠠᠩ ᠹᠧᠩ ᠵᠡᠭᠡᠯᠢ ᠶᠢᠨ ᠪᠦᠲᠦᠭᠡᠨ | ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠠᠰᠠᠷ | ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠬᠤ ᠳᠤ᠂ ᠡᠯ᠎ᠡ | ᠲᠠᠯ᠎ᠠ ᠶᠢᠨ ᠬᠢᠨ ᠬᠠᠮᠲᠤ ᠪᠠᠷ ᠴᠢᠷᠮᠠᠶᠢᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠠᠰᠠᠭᠤᠳᠠᠯ ᠤᠨ ᠰᠦᠪᠡᠭᠴᠢ | ᠴᠤᠭᠯᠠᠭᠤᠯᠬᠤ ᠠᠵᠢᠯ ᠳᠤ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ᠂ ᠴᠤᠭᠯᠠᠭᠤᠯᠤᠭᠰᠠᠨ | ᠠᠰᠠᠭᠤᠳᠠᠯ ᠤᠨ ᠰᠦᠪᠡᠭᠴᠢ ᠶᠢ ᠪᠢᠳᠡ ᠢᠳᠡᠪᠬᠢᠲᠡᠶ ᠵᠣᠬᠢᠴᠠᠭᠤᠯᠤᠨ ᠰᠢᠮᠳᠠᠭᠤᠯᠵᠤ ᠪᠠᠶᠢᠭᠠᠳ ᠨᠠᠷᠢᠨ ᠬᠢᠨᠠᠮᠠᠭᠠᠶ | ᠬᠢᠨᠠᠨ ᠬᠠᠷᠭᠤᠭᠤᠯᠬᠤ ᠶᠢᠨ ᠬᠠᠮᠲᠤ᠂ ᠬᠢᠨᠠᠨ ᠬᠠᠷᠭᠤᠭᠤᠯᠤᠭᠰᠠᠨ᠂ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠢᠶᠠᠨ | ᠴᠠᠭ ᠲᠤᠬᠠᠶ ᠳᠤᠨᠢ ᠬᠠᠷᠢᠭᠤ ᠲᠤᠰᠬᠠᠬᠤ ᠶᠢᠨ ᠬᠠᠮᠲᠤ᠂ ᠰᠦᠪᠡᠭᠴᠢ ᠶᠢ ᠲᠤᠰᠬᠠᠭᠰᠠᠨ ᠬᠥᠮᠦᠰ ᠤᠨ ᠬᠠᠮᠢᠶ᠎ᠠ ᠪᠥᠬᠦᠶ | ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃ ᠤᠯᠠᠨ ᠢᠶᠠᠷ ᠢᠶᠠᠨ ᠡᠷᠬᠢᠮ ᠨᠠᠨᠳᠢᠨ ᠰᠠᠨᠠᠯ | ᠰᠠᠨᠠᠭᠤᠯᠭ᠎ᠠ ᠳᠤᠷᠠᠳᠬᠤ ᠶᠢ ᠬᠦᠰᠡᠵᠦ ᠪᠠᠶᠢᠨ᠎ᠠ᠂ ᠪᠢᠳᠡ ᠠᠵᠢᠯ ᠤᠨ ᠦᠢᠯᠡᠳᠦᠯᠭᠡ ᠶᠢᠨ ᠳᠤᠮᠳᠠ ᠨᠠᠷᠢᠨ ᠬᠢᠨᠠᠮᠠᠭᠠᠢ | ᠰᠢᠩᠭᠡᠭᠡᠨ ᠠᠪᠴᠤ᠂ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠪᠦᠳᠦᠭᠡᠨ ᠪᠠᠶᠢᠭᠤᠯᠬᠤ ᠳᠤ | ᠬᠠᠮᠲᠤᠪᠠᠷ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ | | ᠢᠷᠡᠯᠲᠡ᠄ ᠬᠤᠸᠠᠳᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠵᠣᠬᠢᠶᠠᠭᠴᠢ᠄ ᠬᠤᠸᠠᠳᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠣᠷᠴᠢᠭᠤᠯᠤᠭᠴᠢ᠄ ᠭᠠᠩᠭ᠎ᠠ | |