ᠬᠤᠸᠠᠳᠧ ᠰᠢᠶᠠᠨ ᠤ ᠰᠢᠩ ᠶᠤᠸᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 500MW/2000MWh ᠲᠤᠰᠠᠭᠠᠷ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠲᠦᠷᠦᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠮᠡᠳᠡᠭᠡ ᠵᠠᠩᠭᠢ ᠶᠢ ᠢᠯᠡ ᠨᠡᠶᠢᠲᠡᠯᠡᠬᠦ
ᠨᠡᠶᠢᠲᠡᠯᠡᠭᠰᠡᠨ ᠴᠠᠭ᠄
2025/6/12

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ

ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠳᠠᠷᠤᠮᠠᠯᠯᠠᠨ

ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ

ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠲᠦᠷᠢᠮ ︵ᠲᠤᠷᠰᠢᠨ

ᠬᠡᠷᠡᠭᠵᠢᠭᠦᠯᠬᠦ︶︾ ︵ᠥᠪᠥᠷ ᠲᠣᠭᠲᠠᠭᠤᠨ ᠲᠠᠷᠬᠠᠭᠠᠭᠰᠠᠨ ︹2016︺ 1 ᠳ᠋ᠤᠭᠡᠷ ᠲᠣᠭᠠᠲᠤ︶ ᠤᠨ

ᠱᠠᠭᠠᠷᠳᠠᠯᠭ᠎ᠠ ᠶᠣᠰᠣᠭᠠᠷ᠂ ᠡᠳᠦᠭᠡ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ

ᠵᠠᠳᠠᠯᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄

    ᠨᠢᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠷᠡᠶᠢᠳᠦᠯ᠄ ᠬᠤᠸᠠᠳᠧ ᠰᠢᠶᠠᠨ ᠤ ᠰᠢᠩ ᠶᠤᠸᠠᠨ

ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ

500MW/2000MWh ᠲᠤᠰᠠᠭᠠᠷ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠲᠥᠷᠥᠯ ᠵᠦᠢᠯ

    ᠬᠤᠶᠠᠷ᠂ ᠪᠦᠲᠦᠭᠡᠨ ᠪᠠᠶᠢᠭᠤᠯᠤᠯᠲᠠ ᠶᠢᠨ ᠭᠠᠵᠠᠷ᠄ ᠤᠯᠠᠭᠠᠨᠴᠠᠪ ᠤᠨ ᠬᠤᠸᠠᠳᠧ ᠰᠢᠶᠠᠨ ᠤ ᠴᠤᠤᠶᠠᠩ

ᠪᠠᠯᠭᠠᠰᠤᠨ ᠤ ᠠᠷᠪᠠᠨ ᠶᠡᠭᠡ ᠬᠥ᠋ ᠶᠡᠭᠡ ᠠᠩᠭᠢ ᠶᠢᠨ ᠶᠦᠩ ᠾᠧ ᠲᠣᠰᠬᠤᠨ ᠤ ᠪᠠᠷᠠᠭᠤᠨ ᠬᠡᠰᠡᠭ

    ᠭᠤᠷᠪᠠ᠂ ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠬᠤᠸᠠᠳᠧ ᠰᠢᠶᠠᠨ ᠤ ᠰᠢᠩ ᠶᠤᠸᠠᠨ ᠰᠢᠨ᠎ᠡ

ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ

    ᠳᠥᠷᠪᠡ᠂ ᠲᠥᠷᠥᠯ ᠵᠦᠶ᠋ᠯ ᠤᠨ ᠲᠦᠢᠮᠣ ᠪᠠᠶᠢᠳᠠᠯ᠄ ᠬᠤᠸᠠᠳᠧ ᠰᠢᠶᠠᠨ ᠤ 500MW/2000MWh

ᠡᠨᠧᠷᠭᠢ ᠬᠠᠳᠠᠭᠠᠯᠠᠬᠤ ᠰᠢᠰᠲ᠋ᠧᠮ ᠨᠢ 100 ᠢᠵᠢ ENS-LC20120-5500 ᠡᠨᠧᠷᠭᠢ ᠬᠠᠳᠠᠭᠠᠯᠠᠬᠤ

ᠲᠠᠰᠤᠭ ᠢᠶᠠᠷ ᠪᠦᠷᠢᠯᠳᠦᠵᠦ᠂ ᠢᠵᠢ ᠪᠦᠷᠢᠨ ᠡᠨᠧᠷᠭᠢ ᠬᠠᠳᠠᠭᠠᠯᠠᠬᠤ ᠰᠢᠰᠲ᠋ᠧᠮ ᠳᠤ 2 ᠤᠷᠢᠳᠴᠢᠯᠠᠨ ᠦᠢᠯᠡᠳᠬᠦ

ᠥᠷᠥᠭᠡ ᠪᠠ 1 ᠢᠵᠢ ᠰᠣᠯᠢᠯᠴᠠᠭᠠᠨ ᠤ ᠢᠵᠢ ᠲᠥᠬᠦᠭᠡᠷᠦᠮᠵᠢ ᠶᠢ ᠪᠠᠭᠲᠠᠭᠠᠨ᠎ᠠ︔ ᠢᠵᠢ ᠪᠦᠷᠢᠨ

ᠲᠥᠬᠦᠭᠡᠷᠦᠮᠵᠢ ᠶᠢᠨ ᠳᠣᠲᠣᠷ᠎ᠠ PCS᠂ ᠳᠠᠷᠤᠯᠲᠠ ᠳᠡᠭᠡᠭᠰᠢᠯᠡᠭᠦᠯᠬᠦ ᠬᠦᠴᠦᠳᠡᠯ ᠥᠭᠡᠷᠡᠴᠢᠯᠡᠭᠴᠢ᠂ ᠥᠨᠳᠥᠷ

ᠬᠦᠴᠦᠳᠡᠯᠲᠦ ᠴᠠᠬᠢᠯᠭᠠᠨ ᠲᠦᠭᠡᠭᠡᠬᠦ ᠬᠤᠷᠭᠤ᠂ ᠳᠣᠤᠷ᠎ᠠ ᠬᠦᠴᠦᠳᠡᠯᠲᠦ ᠴᠠᠬᠢᠯᠭᠠᠨ ᠲᠦᠭᠡᠭᠡᠬᠦ ᠬᠤᠷᠭᠤ ᠵᠢᠴᠢ

ᠲᠤᠰᠠᠯᠠᠬᠤ ᠰᠢᠰᠲ᠋ᠧᠮ ᠢ ᠲᠣᠬᠢᠷᠠᠭᠤᠯᠬᠤ ᠶᠢᠨ ᠬᠠᠮᠲᠤ 1 ᠢᠵᠢ ᠥᠷᠲᠡᠭᠡ ᠶᠢᠨ ᠦᠵᠦᠭᠦᠷ ᠤᠨ ᠲᠥᠬᠦᠭᠡᠷᠦᠮᠵᠢ ᠶᠢ

ᠲᠣᠬᠢᠷᠠᠭᠤᠯᠬᠤ ᠬᠡᠷᠡᠭᠲᠡᠶ᠃ 220kV ᠳᠠᠷᠤᠯᠲᠠ ᠳᠡᠭᠡᠭᠰᠢᠯᠡᠭᠦᠯᠬᠦ ᠲᠣᠭᠤᠷᠢᠭ ᠢ ᠢᠵᠢ ᠪᠦᠷᠢᠳᠦᠭᠦᠯᠦᠨ ᠰᠢᠨ᠎ᠡ ᠪᠠᠷ

ᠪᠠᠶᠢᠭᠤᠯᠵᠤ᠂ 220kV ᠱᠤᠭᠤᠮ ᠢᠶᠠᠷ ᠣᠶᠢᠷ᠎ᠠ ᠬᠠᠪᠢ ᠶᠢᠨ ᠳ᠋ᠧ ᠢ 500KV ᠶᠢᠨ ᠬᠦᠴᠦᠳᠡᠯ ᠥᠭᠡᠷᠡᠴᠢᠯᠡᠬᠦ

ᠥᠷᠲᠡᠭᠡ ᠶᠢᠨ 220kV ᠶᠢᠨ ᠵᠠᠶ ᠲᠠᠢ ᠵᠠᠯᠭᠠᠬᠤ ᠪᠣᠯᠤᠨ᠎ᠠ᠃ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 20

ᠳ᠋ᠦᠩᠰᠢᠭᠤᠷ ᠲᠥᠭᠦᠷᠢᠭ᠃ 2025 ᠣᠨ ᠤ 6 ᠰᠠᠷ᠎ᠠ ᠳᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠵᠤ᠂

2025 ᠣᠨ ᠤ 12 ᠰᠠᠷ᠎ᠠ ᠳᠤ ᠲᠣᠤᠷ ᠲᠤ ᠨᠡᠶᠢᠯᠡᠭᠦᠯᠦᠨ ᠠᠰᠢᠭᠯᠠᠯᠲᠠ ᠳᠤ ᠣᠷᠣᠪᠠ

    ᠲᠠᠪᠤ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠪᠠᠶᠢᠴᠠᠭᠠᠬᠤ ᠭᠤᠣᠯ ᠠᠷᠭ᠎ᠠ ᠬᠡᠯᠪᠡᠷᠢ

    1. ᠵᠠᠷᠯᠠᠨ ᠨᠡᠶᠢᠲᠡᠯᠡᠵᠦ᠂ ᠨᠡᠶᠢᠭᠡᠮ ᠪᠠ ᠢᠨᠵᠧᠨᠧᠷᠢᠩ ᠢ ᠬᠡᠷᠡᠭᠵᠢᠭᠦᠯᠬᠦ ᠣᠷᠣᠨ ᠪᠦᠰᠡ ᠳᠤ ᠵᠠᠷᠯᠠᠨ

ᠨᠡᠶᠢᠲᠡᠯᠡᠵᠦ᠂ ᠵᠠᠷᠯᠠᠨ ᠨᠡᠶᠢᠲᠡᠯᠡᠨ᠎ᠡ᠃

    2. ᠣᠯᠠᠨ ᠲᠦᠮᠡᠨ ᠢ ᠰᠤᠷᠪᠤᠯᠵᠢᠯᠠᠵᠤ᠂ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ

ᠬᠦᠰᠦᠨᠦᠭᠲᠦ ᠶᠢ ᠲᠠᠭᠯᠠᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠣᠷᠣᠨ ᠪᠦᠰᠡ ᠳᠤ

ᠭᠦᠨᠵᠡᠭᠡᠶᠢᠷᠡᠨ ᠣᠯᠠᠨ ᠲᠦᠮᠡᠨ ᠢ ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠠᠷᠭ᠎ᠠ

ᠮᠠᠶ᠋ᠢᠭ ᠢᠶᠠᠷ ᠭᠦᠨᠵᠡᠭᠡᠶᠢᠷᠡᠨ᠂ ᠥᠷᠭᠡᠨ ᠢᠶᠠᠷ ᠰᠠᠨᠠᠯ ᠬᠤᠷᠢᠶᠠᠨ᠎ᠠ᠃

    3 ᠲᠤᠰ ᠪᠠᠷᠢᠯᠭ᠎ᠠ ᠶᠢᠨ ᠲᠥᠷᠥᠯ ᠵᠦᠢᠯ ᠯᠦᠭᠡ ᠰᠢᠭᠤᠳ ᠠᠰᠢᠭ ᠲᠤᠰᠠ ᠶᠢᠨ ᠬᠠᠷᠢᠴᠠᠭ᠎ᠠ ᠲᠠᠢ ᠣᠯᠠᠨ

ᠲᠦᠮᠡᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠶ᠃

    ᠵᠢᠷᠭᠤᠭ᠎ᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ

    1. ᠲᠣᠰ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠲᠤᠬᠠᠶ ᠶᠢᠨ ᠭᠠᠵᠠᠷ ᠤᠨ

ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠭᠤᠤᠯ ᠠᠶᠤᠯ ᠲᠦᠭᠰᠢᠭᠦᠷᠢ︔

    2. ᠲᠤᠰ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠤᠨ ᠠᠵᠤ

ᠠᠬᠤᠢ ᠶᠢᠨ ᠬᠥᠭᠵᠢᠯᠲᠡ ᠳᠤ ᠦᠵᠡᠭᠦᠯᠬᠦ ᠦᠢᠯᠡᠳᠦᠯ︔

    3. ᠲᠣᠰ ᠢᠨᠵᠧᠨᠧᠷᠢᠩ ᠤᠨ ᠲᠥᠷᠥᠯ ᠵᠦᠢᠯ ᠨᠢ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ

᠂ ᠬᠦᠰᠡᠯ ᠱᠠᠭᠠᠷᠳᠠᠯᠭ᠎ᠠ ᠲᠠᠢ ᠡᠰᠡᠬᠦ᠃

    4. ᠲᠤᠰ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠪᠠᠶᠢᠬᠤ ᠪᠣᠢ︖

    5. ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠨᠠᠯ ᠪᠠ ᠰᠠᠨᠠᠭᠤᠯᠭ᠎ᠠ᠃

    ᠲᠤᠯᠤᠭ᠎ᠠ᠂ ᠤᠯᠠᠨ ᠨᠡᠶᠢᠳᠡ ᠶᠢᠨ ᠰᠠᠨᠠᠯ ᠢ ᠬᠤᠷᠢᠶᠠᠬᠤ ᠠᠷᠭ᠎ᠠ ᠬᠡᠯᠪᠡᠷᠢ

    ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠶᠠᠮᠠᠷᠪᠠ ᠨᠢᠭᠡᠴᠡ ᠪᠠ ᠬᠤᠪᠢ ᠬᠥᠮᠦᠨ ᠬᠡᠷᠪᠡ

ᠰᠠᠨᠠᠯ ᠪᠤᠶᠤ ᠰᠠᠨᠠᠭᠤᠯᠭ᠎ᠠ ᠲᠠᠢ ᠪᠣᠯ ᠬᠤᠸᠠᠳᠧ ᠰᠢᠶᠠᠨ ᠤ ᠰᠢᠩ ᠶᠤᠸᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ

ᠮᠡᠷᠭᠡᠵᠢᠯ ᠤᠨ ᠬᠢᠵᠠᠭᠠᠷᠲᠤ ᠺᠣᠮᠫᠠᠨᠢ ᠪᠤᠶᠤ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠠᠯᠪᠠᠨ

ᠭᠡᠷ ᠲᠤ ᠰᠢᠭᠤᠳ ᠬᠠᠷᠢᠭᠤ ᠲᠤᠰᠬᠠᠵᠤ ᠪᠣᠯᠤᠨ᠎ᠠ᠃

    ᠨᠠᠢᠮᠠ᠂ ᠬᠠᠷᠢᠯᠴᠠᠬᠤ ᠬᠥᠮᠦᠨ ᠵᠢᠴᠢ ᠢᠯᠡ ᠨᠡᠶᠢᠲᠡᠯᠡᠬᠦ ᠴᠠᠭ

    ᠬᠠᠷᠢᠯᠴᠠᠬᠤ ᠬᠥᠮᠦᠨ᠄ ᠯᠢ ᠰᠢᠶᠤᠤ ᠢᠦᠶ

    ᠤᠲᠠᠰᠤ᠄ 18647139620

    ᠢᠯᠡ ᠨᠡᠶᠢᠲᠡᠯᠡᠬᠦ ᠴᠠᠭ᠄ ᠢᠯᠡ ᠨᠡᠶᠢᠲᠡᠯᠡᠬᠦ ᠡᠳᠦᠷ ᠬᠤᠭᠤᠴᠠᠭ᠎ᠠ ᠠᠴᠠ ᠡᠬᠢᠯᠡᠨ 5 ᠠᠵᠢᠯᠯᠠᠬᠤ ᠡᠳᠦᠷ ᠵᠠᠷᠯᠠᠨ

ᠨᠡᠶᠢᠲᠡᠯᠡᠪᠡ᠃

    ᠬᠤᠸᠠᠳᠧ ᠰᠢᠶᠠᠨ ᠤ ᠰᠢᠩ ᠶᠤᠸᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ

ᠺᠣᠮᠫᠠᠨᠢ

    2025 ᠣᠨ ᠤ 05 ᠰᠠᠷ᠎ᠠ ᠶᠢᠨ 07 ᠤ ᠡᠳᠦᠷ 

   

ᠢᠷᠡᠯᠲᠡ᠄ ᠬᠤᠸᠠᠳᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ

ᠵᠣᠬᠢᠶᠠᠭᠴᠢ᠄ ᠬᠤᠸᠠᠳᠧ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ

ᠣᠷᠴᠢᠭᠤᠯᠤᠭᠴᠢ᠄ ᠭᠠᠩᠭ᠎ᠠ

 

 
ᠢᠷᠡᠯᠲᠡ᠄ ᠬᠤᠸᠠᠳᠧ ᠰᠢᠶᠠᠨ ᠤ ᠠᠷᠠᠳ ᠤᠨ ᠵᠠᠰᠠᠭ ᠤᠨ ᠣᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004651号-2